ᠣᠷᠤᠢ ᠶᠢᠨ ᠰᠦᠮ᠎ᠡ ᠰᠣᠮᠤ᠄ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ︽ᠳᠥᠷᠪᠡ ᠶᠢ ᠪᠣᠳᠠᠲᠠᠶᠢᠵᠢᠭᠤᠯᠵᠤ︾ ᠠᠷᠠᠳ ᠤᠨ ᠠᠮᠢᠳᠤᠷᠠᠯ ᠢ ᠪᠠᠲᠤᠯᠠᠨ᠎ᠠ
ᠨᠡᠶᠢᠲᠡᠯᠡᠭᠰᠡᠨ ᠴᠠᠭ᠄
2024/6/25
     ᠵᠤᠨ ᠤ ᠲᠦᠢᠯ ᠪᠣᠯᠬᠤ ᠳᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠷᠤᠢ ᠶᠢᠨ ᠰᠦᠮ᠎ᠡ ᠰᠤᠮᠤ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠳᠥᠷᠪᠡ ᠶᠢ ᠪᠣᠳᠠᠲᠠᠶᠢᠵᠢᠭᠤᠯᠬᠤ︾ ᠠᠵᠢᠯ ᠤᠨ ᠵᠠᠷᠴᠢᠮ ᠢᠶᠠᠷ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ︽ᠠᠮᠤᠷ ᠲᠦᠪᠰᠢᠨ ᠤ ᠬᠠᠰᠢᠯᠭ᠎ᠠ︾ ᠶᠢ ᠲᠠᠰᠤᠷᠠᠯᠲᠠ ᠥᠬᠡᠶ ᠪᠠᠲᠤᠳᠬᠠᠨ  ᠪᠠᠬᠢᠵᠢᠭᠦᠯᠦᠨ᠎ᠡ᠃     ᠨᠢᠭᠡ ᠳᠤ ᠂ ᠠᠶᠤᠯ ᠲᠦᠭᠰᠢᠭᠦᠷᠢ ᠶᠢᠨ ᠦᠵᠡᠯ ᠤᠬᠠᠮᠰᠠᠷ ᠢ ᠴᠢᠩᠭᠠᠳᠬᠠᠨ᠎ᠠ᠃ ᠤᠷᠤᠢ ᠶᠢᠨ ᠰᠦᠮ᠎ᠡ ᠰᠣᠮᠣ ᠲᠣᠰᠬᠠᠢ ᠰᠡᠳᠦᠪᠲᠦ ᠬᠤᠷᠠᠯ ᠬᠤᠷᠠᠯᠳᠤᠵᠤ᠂ 2024 ᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠲᠣᠬᠢᠷᠠᠭᠤᠯᠣᠨ ᠪᠠᠶᠢᠷᠢᠯᠠᠭᠤᠯᠵᠣ᠂ ᠡᠯ᠎ᠡ ᠭᠠᠴᠠᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠶᠣᠯ ᠲᠦᠭᠰᠢᠬᠦᠷᠢ ᠶᠢᠨ ᠣᠬᠠᠮᠰᠠᠷ ᠢᠶᠠᠨ ᠲᠠᠰᠣᠷᠠᠯᠳᠠ ᠦᠭᠡᠢ ᠴᠢᠩᠭᠠᠳᠬᠠᠵᠣ᠂ ᠬᠤᠷᠢᠭ᠎ᠠ ᠱᠣᠭᠤᠮ ᠤᠨ ᠰᠡᠳᠬᠢᠬᠦᠢ ᠪᠠᠨ ᠪᠠᠲᠤ ᠰᠠᠬᠢᠵᠣ᠂ ᠬᠠᠷᠢᠶ᠎ᠠ ᠣᠷᠣᠨ ᠤ ᠪᠣᠲᠠᠲᠣ ᠪᠠᠶᠢᠳᠠᠯ ᠳᠤ ᠰᠠᠭᠤᠷᠢᠯᠠᠵᠣ᠂ ᠦᠶᠡᠷ ᠢ ᠰᠡᠷᠭᠡᠶᠢᠯᠡᠨ ᠭᠠᠩ  ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠭᠠᠴᠠᠭ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠲᠦᠮᠡᠨ ᠳᠤ ᠦᠶᠡᠷ ᠢ ᠰᠡᠷᠭᠡᠶᠢᠯᠡᠨ ᠭᠠᠩ  ᠬᠠᠭᠰᠠᠷᠠᠭᠠᠨ ᠲᠠᠢ ᠲᠡᠮᠡᠴᠡᠬᠦ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠪᠠ᠃    ᠬᠤᠶᠠᠷ ᠲᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠪᠣᠳᠠᠲᠠᠢ  ᠨᠠᠶᠢᠳᠠᠪᠤᠷᠢᠵᠢᠭᠤᠯᠤᠨ᠎ᠠ᠃ ᠤᠷᠤᠢ ᠶᠢᠨ ᠰᠦᠮ᠎ᠡ ᠰᠤᠮᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠰᠡᠭ ᠬᠤᠪᠢᠶᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠤᠪᠢ ᠬᠥᠮᠦᠨ ᠳᠤ ᠨᠠᠶᠢᠳᠠᠪᠤᠷᠢᠵᠢᠭᠤᠯᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠪᠠᠶᠢᠳᠠᠯ ᠢ ᠲᠣᠬᠢᠲᠠᠢ ᠰᠢᠢᠳᠪᠦᠷᠢᠯᠡᠬᠦ ᠶᠢ ᠦᠨᠡᠨ ᠬᠦ  ᠪᠠᠲᠤᠯᠠᠨ᠎ᠠ᠃ ᠰᠤᠮᠤ ᠠᠴᠠ ᠡᠯ᠎ᠡ ᠱᠠᠲᠤᠨ ᠤ ᠺᠠᠳ᠋ᠷᠴᠤᠳ ᠢ ᠡᠷᠬᠡᠪᠰᠢ ᠨᠢᠭᠡᠳᠦᠯᠲᠡᠶ ᠵᠢᠯᠣᠭᠤᠳᠴᠤ᠂ ᠨᠢᠭᠡᠳᠦᠯᠲᠡᠶ ᠲᠣᠬᠢᠷᠠᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠪᠣᠯᠪᠠᠰᠤᠷᠠᠭᠤᠯᠵᠤ᠂ ᠳᠠᠭᠤᠳᠠᠪᠠᠯ ᠢᠷᠡᠵᠦ᠂ ᠢᠷᠡᠪᠡᠯ ᠪᠠᠶᠢᠯᠳᠤᠵᠤ᠂ ᠪᠠᠶᠢᠯᠳᠤᠪᠠᠯ ᠵᠠᠪᠠᠯ ᠢᠯᠠᠬᠤ ᠬᠡᠷᠡᠭᠲᠡᠶ ᠭᠡᠵᠦ ᠱᠠᠭᠠᠷᠳᠠᠪᠠ᠃     ᠭᠤᠷᠪᠠ ᠳᠤ ᠂ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠪᠣᠳᠠᠲᠠᠶᠢᠵᠢᠭᠤᠯᠤᠨ᠎ᠠ᠃ ᠤᠷᠤᠢ ᠶᠢᠨ ᠰᠦᠮ᠎ᠡ ᠰᠤᠮᠤ ᠰᠦᠯᠵᠢᠶᠡᠨ ᠳᠡᠭᠡᠷᠡᠬᠢ ᠲᠠᠪᠴᠠᠩ ᠢ ᠭᠦᠢᠴᠡᠳ ᠠᠰᠢᠭᠯᠠᠨ᠂ ᠵᠢᠷᠭᠢᠶ᠎ᠡ ᠶᠢᠨ ᠴᠤᠭᠯᠠᠷᠠᠯ᠂ ᠨᠡᠶᠢᠲᠡ ᠶᠢᠨ ᠳ᠋ᠤᠭᠠᠷ ᠵᠡᠷᠭᠡ ᠪᠠᠷ ᠴᠠᠭ ᠲᠤᠬᠠᠢ ᠳᠤᠨᠢ ᠣᠨᠴᠠᠭᠠᠢ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠦᠯ ᠢ ᠨᠡᠶᠢᠲᠡᠯᠡᠵᠦ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠲᠠᠢ ᠨᠢᠭᠲᠠ ᠬᠠᠷᠢᠯᠴᠠᠭ᠎ᠠ ᠪᠠᠨ ᠪᠠᠲᠤᠯᠠᠵᠤ᠂ ᠬᠠᠷᠢᠶ᠎ᠠ ᠣᠷᠣᠨ ᠤ ᠴᠠᠭ ᠠᠭᠤᠷ ᠤᠨ ᠬᠤᠪᠢᠷᠠᠯᠲᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠴᠠᠭ ᠲᠤᠬᠠᠢ ᠳᠤᠨᠢ ᠰᠢᠢᠳᠪᠦᠷᠢᠯᠡᠵᠦ ᠠᠷᠭᠠᠴᠠᠭᠠᠬᠤ ᠶᠢ ᠪᠠᠲᠤᠯᠠᠪᠠ᠃ ᠡᠯ᠎ᠡ ᠭᠠᠴᠠᠭ᠎ᠠ ᠬᠠᠮᠲᠤᠷᠠᠨ ︽ᠤᠷᠢᠳᠴᠢᠯᠠᠨ ᠰᠡᠷᠡᠮᠵᠢᠯᠡᠭᠦᠯᠬᠦ ᠶᠢ ᠭᠥᠯᠢᠶᠡᠨ ᠠᠪᠬᠤ︾ ᠲᠣᠭᠲᠠᠴᠠ ᠶᠢ ᠬᠡᠷᠡᠭᠵᠢᠭᠦᠯᠵᠦ᠂ ᠨᠢᠭᠡᠳᠦᠭᠡᠷ ᠹᠷᠣᠨᠲ ᠤᠨ ᠬᠠᠷᠢᠭᠤᠴᠠᠯᠭᠠᠲᠠᠨ ᠤ ︽ᠳᠠᠭᠤᠳᠠᠨ ᠰᠡᠷᠢᠬᠦ᠂ ᠬᠠᠷᠢᠭᠤ ᠲᠤᠰᠬᠠᠬᠤ᠂ ᠲᠦᠷᠭᠡᠨ ᠬᠥᠳᠡᠯᠦᠯᠴᠡᠬᠦ︾ ᠶᠢ ᠦᠨᠡᠨ ᠬᠦ ᠪᠠᠲᠤᠯᠠᠵᠤ᠂ ᠣᠨᠴᠠᠭᠠᠶ ᠴᠠᠭ ᠠᠭᠤᠷ ᠢ ᠡᠮᠬᠢ ᠵᠢᠷᠤᠮ ᠲᠠᠢ ᠠᠷᠭᠠᠴᠠᠵᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠥᠬᠡᠶ ᠪᠠᠶᠢᠬᠤ ᠶᠢ ᠦᠨᠡᠨ ᠬᠦ  ᠪᠠᠲᠤᠯᠠᠨ᠎ᠠ᠃     ᠳᠦᠷᠪᠡ ᠳᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ  ᠪᠣᠳᠠᠲᠠᠶᠢᠵᠢᠭᠤᠯᠤᠨ᠎ᠠ ᠃ ᠣᠷᠤᠢ ᠶᠢᠨ ᠰᠦᠮ᠎ᠡ ᠰᠣᠮᠣ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠷᠢᠶ᠎ᠠ ᠣᠷᠣᠨ ᠤ ᠡᠯ᠎ᠡ ᠠᠶᠤᠯ ᠲᠦᠭᠰᠢᠭᠦᠷᠢ ᠶᠢᠨ ᠴᠡᠭ ᠲᠤ ᠴᠢᠭᠯᠡᠭᠦᠯᠦᠨ᠂ ᠬᠥᠮᠦᠰ ᠢ ᠵᠣᠬᠢᠶᠠᠨ ᠪᠠᠶᠢᠭᠤᠯᠤᠨ ᠣᠯᠠᠨ ᠤᠳᠠᠭ᠎ᠠ ᠵᠢᠭᠰᠠᠭᠠᠨ ᠪᠠᠶᠢᠴᠠᠭᠠᠵᠤ᠂ ᠳᠠᠯᠳᠠ ᠭᠡᠮ ᠢ ᠲᠤᠭᠤᠰᠢᠲᠠᠢ ᠠᠷᠢᠯᠭᠠᠵᠤ᠂ ᠠᠶᠤᠯ ᠲᠦᠭᠰᠢᠭᠦᠷᠢ ᠶᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠭᠠᠮᠰᠢᠭ ᠤᠨ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠬᠠᠷᠢᠶᠠᠲᠤ ᠣᠷᠣᠨ ᠤ ᠭᠤᠤᠯᠳᠠᠯᠭ᠎ᠠ ᠲᠠᠢ ᠢᠨᠵᠧᠨᠧᠷᠢᠩ᠂ ᠭᠤᠤᠯᠳᠠᠯᠭ᠎ᠠ ᠲᠠᠢ ᠣᠷᠣᠨ ᠪᠠᠶᠢᠷᠢ᠂ ᠴᠢᠬᠤᠯᠠ ᠭᠤᠭᠴᠤᠭ᠎ᠠ ᠳᠤ ᠴᠢᠭᠯᠡᠭᠦᠯᠦᠨ᠂ ᠬᠠᠮᠢᠶ᠎ᠠ ᠪᠥᠬᠦᠶ ᠬᠠᠷᠢᠭᠤᠴᠠᠯᠭᠠᠲᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠡᠯ᠎ᠡ ᠨᠢᠭᠡᠴᠡ ᠶᠢᠨ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠷᠠᠭᠤᠯᠤᠨ᠂ ᠵᠠᠩᠭᠢᠯᠠᠭ᠎ᠠ ᠶᠢᠨ ᠦᠶ᠎ᠡ ᠳᠤ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠳᠠᠷᠠᠭᠠᠴᠢ ᠶᠢᠨ ᠠᠯᠬᠤᠮ ᠳᠤ᠂ ᠤᠷᠤᠢ ᠶᠢᠨ ᠰᠦᠮ᠎ᠡ  ᠰᠤᠮᠤ ᠪᠦᠬᠦ ᠰᠤᠮᠤᠨ ᠤ ᠬᠡᠪᠴᠢᠶᠡᠨ ᠳᠠᠬᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠬᠠᠷᠢᠶ᠎ᠠ ᠣᠷᠣᠨ ᠤ ᠪᠦᠬᠦᠯᠢ ᠴᠣᠭᠴᠠ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠤ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠵᠤ᠂ ᠠᠮᠤᠷ ᠲᠦᠪᠰᠢᠨ ᠲᠣᠭᠲᠠᠭᠤᠨ ᠣᠷᠤᠨ ᠨᠤᠲᠤᠭ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号