ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠷ᠎ᠡ ᠪᠦᠲᠦᠮᠵᠢ ᠶᠢ ᠥᠪᠡᠰᠦᠪᠡᠨ ᠦᠨᠡᠯᠡᠬᠦ ᠶᠢ ᠪᠥᠬᠦ ᠲᠠᠯ᠎ᠠ ᠪᠠᠷ ᠡᠬᠢᠯᠡᠭᠦᠯᠵᠦ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/6/25
    ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠪᠠᠷ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠪᠠ ᠰᠠᠯᠠᠭ᠎ᠠ ᠮᠥᠴᠢᠷ ᠤᠨ ᠦᠨᠡᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠪᠠ᠃    ᠨᠢᠭᠡ ᠳᠤ ᠂ ᠥᠪᠡᠰᠦᠪᠡᠨ ᠦᠨᠡᠯᠡᠬᠦ ᠡᠲᠡᠭᠡᠳ ᠪᠠ ᠪᠡᠯᠡ ᠮᠥᠩᠭᠦ ᠶᠢᠨ ᠬᠡᠪᠴᠢᠶ᠎ᠡ ᠶᠢ ᠲᠣᠳᠣᠷᠬᠠᠶᠢᠯᠠᠨ᠎ᠠ᠃ ︽ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 2023 ᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠪᠠᠷ ᠳᠡᠮᠵᠢᠨ᠂ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ  ᠪᠣᠯᠪᠠᠰᠤᠷᠠᠯ ᠬᠢᠯᠭᠡᠵᠦ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠪᠠ᠃    ᠬᠤᠶᠠᠷ ᠲᠤ᠂ ᠦᠨᠡᠯᠡᠬᠦ ᠴᠤᠪᠤᠷᠠᠯ ᠪᠠ ᠠᠭᠤᠯᠭ᠎ᠠ ᠶᠢ ᠵᠢᠷᠤᠮᠵᠢᠭᠤᠯᠤᠨ᠎ᠠ᠃ ᠥᠪᠡᠰᠦᠪᠡᠨ ᠦᠨᠡᠯᠡᠭᠰᠡᠨ ᠮᠡᠳᠡᠭᠦᠯᠦᠯᠲᠡ ᠪᠢᠴᠢᠬᠦ ᠪᠠᠷ ᠯᠠᠪᠯᠠᠯᠲᠠ ᠪᠣᠯᠭᠠᠬᠤ ᠵᠠᠭᠪᠤᠷ ᠢᠶᠠᠷ ᠳᠠᠮᠵᠢᠭᠤᠯᠤᠨ᠂ ᠥᠪᠡᠰᠦᠪᠡᠨ ᠦᠨᠡᠯᠡᠬᠦ ᠠᠵᠢᠯ ᠢ ᠵᠢᠯᠣᠭᠤᠳᠤᠨ ᠵᠢᠷᠤᠮᠵᠢᠭᠤᠯᠵᠤ᠂ ᠥᠪᠡᠰᠦᠪᠡᠨ ᠦᠨᠡᠯᠡᠬᠦ ᠶᠠᠪᠤᠴᠠ ᠪᠠ ᠠᠭᠤᠯᠭ᠎ᠠ ᠶᠢ ᠣᠯᠠᠨ ᠲᠠᠯ᠎ᠠ ᠪᠠᠷ ᠵᠢᠷᠤᠮᠵᠢᠭᠤᠯᠤᠨ᠎ᠠ᠃ ᠡᠭᠦᠨ ᠤ ᠬᠠᠮᠲᠤ ᠂ ᠡᠯ᠎ᠡ ᠨᠢᠭᠡᠴᠡ ᠶᠢ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠤᠨ ᠪᠠᠶᠢᠳᠠᠯ ᠤᠨ ᠳ᠋ᠦᠩᠨᠡᠯᠲᠡ ᠶᠢ ᠮᠡᠳᠡᠭᠦᠯᠦᠨ ᠬᠦᠷᠭᠡᠵᠦ᠂ ᠥᠪᠡᠰᠦᠪᠡᠨ ᠦᠨᠡᠯᠡᠭᠰᠡᠨ ᠦᠷ᠎ᠡ ᠳ᠋ᠦᠩ ᠢ ᠡᠮᠬᠢᠯᠡᠨ ᠵᠠᠳᠠᠯᠵᠤ᠂ ᠨᠢᠭᠡᠴᠡ ᠶᠢᠨ ᠠᠮᠵᠢᠯᠲᠠ ᠪᠦᠲᠦᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ᠭᠤᠷᠪᠠ ᠳᠤ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠭᠰᠡᠨ ᠦᠷ᠎ᠡ ᠳ᠋ᠦᠩ ᠪᠠ ᠠᠵᠢᠯ ᠥᠷᠨᠢᠭᠦᠯᠦᠭᠰᠡᠨ ᠪᠠᠶᠢᠳᠠᠯ ᠢ ᠣᠨ ᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠳᠠᠶᠢᠵᠢᠭᠤᠯᠪᠠ᠃ ᠣᠳᠣᠬᠠᠨ ᠪᠣᠯᠲᠠᠯ᠎ᠠ᠂ ᠲᠥᠰᠦᠪ ᠢ ᠨᠢᠭᠡ ᠴᠣᠭᠴᠠᠵᠢᠭᠤᠯᠬᠤ ᠰᠢᠰᠲ᠋ᠧᠮ ᠤᠨ ᠳᠣᠲᠣᠷ᠎ᠠ ᠨᠢᠭᠡᠨᠲᠡ 1318 ᠲᠥᠷᠥᠯ  ᠵᠦᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠪᠡᠶᠡᠯᠡᠭᠦᠯᠵᠦ᠂ 259 829 ᠲᠦᠮᠡᠨ ᠲᠥᠭᠦᠷᠢᠭ ᠲᠤ ᠬᠤᠯᠪᠤᠭᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号