ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ ᠭᠤᠤᠯ ᠰᠡᠳᠦᠪᠲᠦ ᠤᠬᠠᠭᠤᠯᠭ᠎ᠠ ᠶᠢᠨ ︽ᠰᠢᠨ᠎ᠡ ᠵᠢᠭᠰᠠᠭᠠᠯ ᠤᠨ ᠭᠠᠵᠠᠷ︾ ᠢ ᠪᠣᠶ ᠪᠣᠯᠭᠠᠵᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/6/25
     ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠨᠡᠶᠢᠭᠡᠮᠴᠢᠯᠡᠭᠰᠡᠨ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠬᠡᠯᠪᠡᠷᠢ ᠪᠠᠷ ᠪᠠᠶᠠᠯᠢᠭ᠂ ᠠᠭᠤᠯᠭ᠎ᠠ ᠨᠢ ᠣᠯᠠᠨ ᠶᠠᠩᠵᠤ ᠂ ᠣᠯᠠᠨ ᠲᠦᠮᠡᠨ ᠲᠠᠢ ᠣᠶᠢᠷᠠᠲᠤᠬᠤ ᠪᠠᠷ ᠤᠬᠠᠭᠤᠯᠭ᠎ᠠ ᠶᠢᠨ ᠵᠠᠷᠴᠢᠮ ᠪᠣᠯᠭᠠᠵᠤ᠂ ᠨᠠᠷᠢᠨ ᠨᠢᠮᠪᠠᠶ ᠵᠣᠬᠢᠶᠠᠭᠰᠠᠨ ᠭᠠᠯ ᠤᠨᠲᠠᠷᠠᠭᠠᠬᠤ ᠤᠬᠠᠭᠤᠯᠭ᠎ᠠ ᠶᠢᠨ ᠬᠡᠷ ᠤᠨ ᠭᠠᠳᠠᠨᠠᠬᠢ ᠳ᠋ᠧᠩ ᠤᠨ ᠬᠠᠶᠢᠷᠴᠠᠭ ᠵᠢᠴᠢ ᠳᠡᠯᠭᠡᠨ ᠦᠵᠡᠭᠦᠯᠬᠦ ᠰᠠᠮᠪᠠᠷ᠎ᠠ ᠶᠢ ᠬᠤᠲᠠ ᠲᠣᠭᠤᠷᠢᠭ ᠤᠨ ᠭᠤᠤᠯ ᠵᠠᠮ ᠳᠤ ᠲᠥᠪᠯᠡᠷᠡᠭᠦᠯᠦᠨ ᠭᠠᠷᠭᠠᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠦᠷ᠎ᠡ ᠪᠦᠲᠦᠮᠵᠢ ᠨᠢ ᠢᠯᠡᠳᠲᠡ ᠪᠣᠯᠪᠠ᠃    ᠭᠠᠯ ᠤᠨᠲᠠᠷᠠᠭᠠᠬᠤ ᠤᠬᠠᠭᠤᠯᠭ᠎ᠠ ᠶᠢᠨ ᠳ᠋ᠧᠩ ᠤᠨ ᠬᠠᠶᠢᠷᠴᠠᠭ ᠵᠢᠴᠢ ᠳᠡᠯᠭᠡᠨ ᠦᠵᠡᠭᠦᠯᠬᠦ ᠰᠠᠮᠪᠠᠷ᠎ᠠ ᠳᠤ ︽ᠭᠠᠯ ᠤᠨᠲᠠᠷᠠᠭᠠᠬᠤ ᠠᠮᠤᠷ ᠲᠦᠪᠰᠢᠨ ᠬᠥᠮᠦᠨ ᠪᠦᠬᠦᠨ ᠬᠠᠷᠢᠭᠤᠴᠠᠯᠭ᠎ᠠ ᠲᠠᠢ᠂ ᠠᠮᠤᠷ ᠠᠮᠤᠭᠤᠯᠠᠩ ᠠᠮᠢᠳᠤᠷᠠᠯ  ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ︾ ︽ᠭᠠᠯ ᠤᠨᠲᠠᠷᠠᠭᠠᠬᠤ ᠬᠠᠤᠯᠢ ᠲᠣᠭᠲᠠᠭᠠᠯ ᠢ ᠵᠢᠷᠤᠮᠯᠠᠵᠤ᠂ ᠵᠣᠯ ᠵᠢᠷᠭᠠᠯ ᠠᠮᠤᠷ ᠲᠦᠪᠰᠢᠨ ᠢ ᠪᠠᠲᠤᠯᠠᠵᠤ ᠂ ᠬᠥᠮᠦᠨ ᠪᠦᠬᠦᠨ ᠭᠠᠯ ᠰᠡᠷᠭᠡᠶᠢᠯᠡᠬᠦ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠶ︾ ᠵᠡᠷᠭᠡ ᠬᠢᠯᠪᠠᠷ ᠣᠶᠢᠯᠠᠭᠠᠮᠵᠢᠲᠠᠶ ᠦᠰᠦᠭ ᠪᠢᠴᠢᠭ ᠤᠨ ᠠᠭᠤᠯᠭ᠎ᠠ ᠶᠢ ᠪᠢᠴᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠥᠷᠭᠡᠨ ᠣᠯᠠᠨ ᠲᠦᠮᠡᠨ ᠲᠠᠢ ᠨᠠᠩ  ᠣᠶᠢᠷᠠᠲᠤᠭᠤᠯᠵᠤ᠂ ᠥᠪᠡᠷᠮᠢᠴᠡ ᠣᠨᠴᠠᠯᠢᠭ ᠪᠠ ᠨᠥᠯᠥᠭᠡᠯᠡᠬᠦ ᠬᠦᠴᠦᠨ ᠲᠠᠢ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠭᠠᠵᠤ᠂ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠢ ᠦᠨᠡᠨ ᠬᠦ ᠰᠠᠨᠠᠭᠤᠯᠵᠤ᠂ ᠮᠥᠨ ᠴᠦ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠶᠢᠨ᠎ᠠ᠃    ᠭᠠᠯ ᠤᠨᠲᠠᠷᠠᠭᠠᠬᠤ ᠤᠬᠠᠭᠤᠯᠭ᠎ᠠ ᠶᠢᠨ ᠭᠡᠷ ᠤᠨ ᠭᠠᠳᠠᠨᠠᠬᠢ ᠳ᠋ᠧᠩ ᠤᠨ ᠬᠠᠶᠢᠷᠴᠠᠭ ᠤᠨ ᠰᠢᠨ᠎ᠡ ᠳᠦᠷᠢ ᠳᠦᠷᠬᠦ ᠶᠢ ᠢᠯᠡᠷᠡᠭᠦᠯᠵᠦ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠥᠷᠭᠡᠨ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ︽ᠠᠮᠤᠷ ᠲᠦᠪᠰᠢᠨ  ᠤ ᠳᠠᠳᠬᠠᠯ ᠲᠠᠢ᠂ ᠬᠥᠮᠦᠨ ᠪᠦᠬᠦᠨ ᠭᠠᠯ ᠤᠨᠲᠠᠷᠠᠭᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠵᠠᠯᠭᠠᠭᠠᠳ᠂ ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢᠶᠠᠨ ᠦᠷᠭᠦᠯᠵᠢᠯᠡᠨ ᠥᠷᠭᠡᠳᠬᠡᠵᠦ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠨᠢᠭᠡᠴᠡ᠂ ᠡᠯ᠎ᠡ ᠱᠠᠲᠤᠨ ᠤ ᠭᠤᠤᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠢᠳᠡᠪᠬᠢᠲᠡᠶ ᠵᠣᠬᠢᠴᠠᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠵᠢᠴᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠥᠷᠭᠡᠨ ᠢᠶᠠᠷ ᠨᠡᠪᠲᠡᠷᠡᠭᠦᠯᠵᠦ᠂ ᠵᠢᠭᠰᠠᠭᠠᠯ ᠤᠨ ᠳᠠᠮᠵᠢᠭᠤᠯᠭ᠎ᠠ ᠶᠢᠨ ᠦᠢᠯᠡᠳᠦᠯ ᠢ ᠪᠣᠶ ᠪᠣᠯᠭᠠᠵᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠰᠠᠭᠤᠷᠢ ᠶᠢ ᠪᠠᠬᠢᠵᠢᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号