ᠢᠲᠡᠭᠡᠮᠵᠢ ᠶᠢᠨ ᠮᠡᠳᠡᠭᠡ ᠵᠠᠩᠭᠢ ᠨᠢ ᠤᠯᠠᠨ ᠨᠡᠶᠢᠲᠡ ᠶᠢᠨ ᠡᠬᠢ ᠪᠠᠶᠠᠯᠢᠭ ᠤᠨ ᠢᠯᠡ ᠠᠷᠠᠯᠵᠢᠶ᠎ᠠ ᠶᠢ  ᠠᠬᠢᠭᠤᠯᠤᠨ᠎ᠠ
ᠨᠡᠶᠢᠲᠡᠯᠡᠭᠰᠡᠨ ᠴᠠᠭ᠄
2024/6/25
    ᠣᠶᠢᠷ᠎ᠠ ᠶᠢᠨ ᠵᠢᠯ ᠠᠴᠠ ᠨᠠᠰᠢ᠂ ᠠᠣᠬᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠦᠢᠯᠡᠴᠢᠯᠡᠭᠡᠨ ᠤ ᠵᠠᠭᠪᠤᠷ ᠢᠶᠠᠨ ᠦᠷᠭᠦᠯᠵᠢᠯᠡᠨ ᠰᠢᠨᠡᠴᠢᠯᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠬᠡᠷᠡᠭᠯᠡᠯᠲᠡ ᠶᠢ ᠲᠠᠰᠤᠷᠠᠯᠲᠠ ᠥᠬᠡᠶ ᠰᠦᠪᠡᠭᠴᠢᠯᠡᠨ ᠠᠬᠢᠭᠤᠯᠵᠤ᠂ ᠳᠠᠭᠠᠭᠠᠴᠢᠯᠠᠯᠲᠠ ᠦᠨᠡᠯᠡᠬᠦ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠭᠠᠷᠭᠠᠭᠴᠢ ᠪᠠᠷ ᠪᠠᠶᠢᠴᠠᠭᠠᠨ ᠯᠠᠪᠯᠠᠬᠤ ᠴᠢᠳᠠᠮᠵᠢ ᠶᠢ ᠪᠡᠶᠡᠯᠡᠭᠦᠯᠪᠡ᠃ ᠳᠠᠭᠠᠭᠠᠴᠢᠯᠠᠯᠲᠠ ᠦᠨᠡᠯᠡᠬᠦ ᠶᠠᠪᠤᠴᠠ ᠳᠤ᠂ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠲᠣᠰ ᠴᠢᠳᠠᠮᠵᠢ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠠᠵᠤ ᠠᠬᠤᠶᠢᠯᠠᠯ ᠤᠨ ᠢᠲᠡᠭᠡᠯ ᠠᠯᠳᠠᠭᠰᠠᠨ ᠪᠠᠶᠢᠳᠠᠯ ᠢ ᠰᠢᠭᠦᠵᠦ ᠪᠣᠯᠤᠨ᠎ᠠ᠂ ᠬᠡᠷᠪᠡ ᠲᠣᠰ ᠠᠵᠤ ᠠᠬᠤᠶᠢᠯᠠᠯ ᠳᠤ ᠢᠲᠡᠭᠡᠯ ᠠᠯᠳᠠᠭᠰᠠᠨ ᠪᠠᠶᠢᠳᠠᠯ ᠣᠷᠣᠰᠢᠵᠤ ᠪᠠᠶᠢᠪᠠᠯ᠂ ᠰᠢᠰᠲ᠋ᠧᠮ ᠨᠢ ︽ᠬᠡᠷᠡᠭᠵᠢᠭᠦᠯᠬᠦ ᠦᠨᠳᠦᠰᠦᠯᠡᠯ ᠪᠢᠴᠢᠭ ᠮᠠᠲ᠋ᠧᠷᠢᠶᠠᠯ ᠤᠨ ᠨᠣᠮᠧᠷ︾᠂ ︽ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠣᠪᠣᠭ ᠨᠡᠷ᠎ᠡ / ᠨᠡᠷᠡᠶᠢᠳᠦᠯ︾ ᠪᠠ ︽ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠪᠣᠳᠠᠲᠠᠶ ᠪᠠᠶᠢᠳᠠᠯ︾ ᠵᠡᠷᠭᠡ ᠬᠡᠷᠡᠭᠵᠢᠭᠦᠯᠦᠭᠳᠡᠭᠰᠡᠨ ᠨᠠᠷᠢᠨ ᠪᠠᠶᠢᠳᠠᠯ ᠢ ᠳᠡᠯᠭᠡᠨ ᠦᠵᠡᠭᠦᠯᠵᠦ᠂ ᠡᠷᠢᠯᠬᠢᠯᠡᠭᠰᠡᠨ ᠮᠡᠳᠡᠭᠡ ᠵᠠᠩᠭᠢ ᠨᠢ ᠴᠥᠮ ᠤᠯᠤᠰ ᠤᠨ ᠢᠲᠡᠭᠡᠮᠵᠢ ᠶᠢᠨ ᠲᠠᠪᠴᠠᠩ ᠠᠴᠠ ᠢᠷᠡᠯᠲᠡ ᠲᠠᠢ ᠪᠣᠯᠤᠨ᠎ᠠ᠃    ᠢᠲᠡᠭᠡᠮᠵᠢ ᠶᠢᠨ ᠮᠡᠳᠡᠭᠡ ᠵᠠᠩᠭᠢ ᠶᠢᠨ ᠳᠠᠭᠠᠭᠠᠴᠢᠯᠠᠯᠲᠠ ᠦᠨᠡᠯᠡᠬᠦ ᠶᠠᠪᠤᠴᠠ ᠳᠠᠬᠢ ᠬᠡᠷᠡᠭᠯᠡᠯᠲᠡ ᠨᠢ ᠢᠲᠡᠭᠡᠮᠵᠢ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤᠮᠳᠠᠬᠢ ᠤᠷᠮᠠᠰᠢᠭᠤᠯᠤᠨ ᠬᠢᠵᠠᠭᠠᠷᠯᠠᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠢᠲᠡᠭᠡᠮᠵᠢ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ︽ᠴᠢᠨᠠᠷᠲᠤ ᠵᠤᠭᠤᠰ︾  ᠤᠨ ᠠᠬᠢᠴᠠ ᠪᠣᠯᠭᠠᠬᠤ ᠶᠢ ᠠᠬᠢᠭᠤᠯᠪᠠ᠃ ︽ᠢᠲᠡᠭᠡᠮᠵᠢ + ᠠᠷᠠᠯᠵᠢᠶ᠎ᠠ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠢᠯᠡ ᠪᠠᠷ ᠠᠷᠠᠯᠵᠢᠶᠠᠯᠠᠬᠤ ᠶᠢ ᠠᠬᠢᠭᠤᠯᠵᠤ᠂ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠮᠠᠨ ᠤ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号