︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ | ᠲᠦᠪᠰᠢᠨ ᠤ ᠨᠡᠶᠢᠭᠡᠮᠴᠢᠯᠡᠭᠰᠡᠨ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ | ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ | ᠲᠥᠯᠥᠭᠡ᠂ ᠬᠡᠳᠦᠨ ᠡᠳᠦᠷ ᠤᠨ ᠲᠤᠷᠰᠢ᠂ ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠬᠡᠯᠪᠡᠷᠢ ᠪᠠᠷ ᠪᠠᠶᠠᠯᠢᠭ᠂ ᠠᠭᠤᠯᠭ᠎ᠠ ᠨᠢ ᠣᠯᠠᠨ ᠶᠠᠩᠵᠤ ᠂ | ᠣᠯᠠᠨ ᠲᠦᠮᠡᠨ ᠲᠠᠢ ᠣᠶᠢᠷᠠᠲᠤᠬᠤ ᠪᠠᠷ ᠤᠬᠠᠭᠤᠯᠭ᠎ᠠ ᠶᠢᠨ ᠵᠠᠷᠴᠢᠮ ᠪᠣᠯᠭᠠᠵᠤ᠂ ᠨᠠᠷᠢᠨ ᠨᠢᠮᠪᠠᠶ ᠵᠣᠬᠢᠶᠠᠭᠰᠠᠨ ᠭᠠᠯ | ᠤᠨᠲᠠᠷᠠᠭᠠᠬᠤ ᠤᠬᠠᠭᠤᠯᠭ᠎ᠠ ᠶᠢᠨ ᠬᠡᠷ ᠤᠨ ᠭᠠᠳᠠᠨᠠᠬᠢ ᠳ᠋ᠧᠩ ᠤᠨ ᠬᠠᠶᠢᠷᠴᠠᠭ ᠵᠢᠴᠢ ᠳᠡᠯᠭᠡᠨ ᠦᠵᠡᠭᠦᠯᠬᠦ ᠰᠠᠮᠪᠠᠷ᠎ᠠ ᠶᠢ | ᠬᠤᠲᠠ ᠲᠣᠭᠤᠷᠢᠭ ᠤᠨ ᠭᠤᠤᠯ ᠵᠠᠮ ᠳᠤ ᠲᠥᠪᠯᠡᠷᠡᠭᠦᠯᠦᠨ ᠭᠠᠷᠭᠠᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ | ᠦᠷ᠎ᠡ ᠪᠦᠲᠦᠮᠵᠢ ᠨᠢ ᠢᠯᠡᠳᠲᠡ ᠪᠣᠯᠪᠠ᠃ | ᠭᠠᠯ ᠤᠨᠲᠠᠷᠠᠭᠠᠬᠤ ᠤᠬᠠᠭᠤᠯᠭ᠎ᠠ ᠶᠢᠨ ᠳ᠋ᠧᠩ ᠤᠨ ᠬᠠᠶᠢᠷᠴᠠᠭ ᠵᠢᠴᠢ ᠳᠡᠯᠭᠡᠨ ᠦᠵᠡᠭᠦᠯᠬᠦ ᠰᠠᠮᠪᠠᠷ᠎ᠠ ᠳᠤ ︽ᠭᠠᠯ | ᠤᠨᠲᠠᠷᠠᠭᠠᠬᠤ ᠠᠮᠤᠷ ᠲᠦᠪᠰᠢᠨ ᠬᠥᠮᠦᠨ ᠪᠦᠬᠦᠨ ᠬᠠᠷᠢᠭᠤᠴᠠᠯᠭ᠎ᠠ ᠲᠠᠢ᠂ ᠠᠮᠤᠷ ᠠᠮᠤᠭᠤᠯᠠᠩ ᠠᠮᠢᠳᠤᠷᠠᠯ ᠢ | ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ︾ ︽ | ᠭᠠᠯ ᠤᠨᠲᠠᠷᠠᠭᠠᠬᠤ ᠬᠠᠤᠯᠢ ᠲᠣᠭᠲᠠᠭᠠᠯ ᠢ ᠵᠢᠷᠤᠮᠯᠠᠵᠤ᠂ ᠵᠣᠯ ᠵᠢᠷᠭᠠᠯ ᠠᠮᠤᠷ ᠲᠦᠪᠰᠢᠨ ᠢ ᠪᠠᠲᠤᠯᠠᠵᠤ ᠂ ᠬᠥᠮᠦᠨ | ᠪᠦᠬᠦᠨ ᠭᠠᠯ ᠰᠡᠷᠭᠡᠶᠢᠯᠡᠬᠦ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠶ︾ ᠵᠡᠷᠭᠡ ᠬᠢᠯᠪᠠᠷ ᠣᠶᠢᠯᠠᠭᠠᠮᠵᠢᠲᠠᠶ ᠦᠰᠦᠭ | ᠪᠢᠴᠢᠭ ᠤᠨ ᠠᠭᠤᠯᠭ᠎ᠠ ᠶᠢ ᠪᠢᠴᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠥᠷᠭᠡᠨ | ᠣᠯᠠᠨ ᠲᠦᠮᠡᠨ ᠲᠠᠢ ᠨᠠᠩ ᠣᠶᠢᠷᠠᠲᠤᠭᠤᠯᠵᠤ᠂ ᠥᠪᠡᠷᠮᠢᠴᠡ ᠣᠨᠴᠠᠯᠢᠭ ᠪᠠ ᠨᠥᠯᠥᠭᠡᠯᠡᠬᠦ ᠬᠦᠴᠦᠨ ᠲᠠᠢ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠭᠠᠵᠤ᠂ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠢ ᠦᠨᠡᠨ ᠬᠦ | ᠰᠠᠨᠠᠭᠤᠯᠵᠤ᠂ ᠮᠥᠨ ᠴᠦ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ | ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠶᠢᠨ᠎ᠠ᠃ | ᠭᠠᠯ ᠤᠨᠲᠠᠷᠠᠭᠠᠬᠤ ᠤᠬᠠᠭᠤᠯᠭ᠎ᠠ ᠶᠢᠨ ᠭᠡᠷ ᠤᠨ ᠭᠠᠳᠠᠨᠠᠬᠢ ᠳ᠋ᠧᠩ ᠤᠨ ᠬᠠᠶᠢᠷᠴᠠᠭ ᠤᠨ ᠰᠢᠨ᠎ᠡ ᠳᠦᠷᠢ | ᠳᠦᠷᠬᠦ ᠶᠢ ᠢᠯᠡᠷᠡᠭᠦᠯᠵᠦ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠨ᠂ ᠥᠷᠭᠡᠨ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ | ᠪᠦᠲᠦᠮᠵᠢᠲᠡᠶ ᠳᠡᠭᠡᠭᠰᠢᠯᠡᠭᠦᠯᠵᠦ᠂ ︽ᠠᠮᠤᠷ ᠲᠦᠪᠰᠢᠨ ᠤ ᠳᠠᠳᠬᠠᠯ ᠲᠠᠢ᠂ ᠬᠥᠮᠦᠨ ᠪᠦᠬᠦᠨ ᠭᠠᠯ ᠤᠨᠲᠠᠷᠠᠭᠠᠬᠤ︾ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠵᠠᠯᠭᠠᠭᠠᠳ᠂ ᠠᠤᠬᠠᠨ ᠬᠤᠰᠢᠭᠤᠨ ᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ ᠤᠬᠠᠭᠤᠯᠭ᠎ᠠ ᠶᠢᠨ ᠵᠢᠭᠰᠠᠭᠠᠯ ᠤᠨ | ᠭᠠᠵᠠᠷ ᠢᠶᠠᠨ ᠦᠷᠭᠦᠯᠵᠢᠯᠡᠨ ᠥᠷᠭᠡᠳᠬᠡᠵᠦ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠨᠢᠭᠡᠴᠡ᠂ ᠡᠯ᠎ᠡ ᠱᠠᠲᠤᠨ ᠤ | ᠭᠤᠤᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠢᠳᠡᠪᠬᠢᠲᠡᠶ ᠵᠣᠬᠢᠴᠠᠭᠤᠯᠤᠨ ᠭᠠᠯ ᠤᠨᠲᠠᠷᠠᠭᠠᠬᠤ ᠠᠮᠤᠷ | ᠲᠦᠪᠰᠢᠨ ᠤ ᠰᠠᠨᠠᠭᠤᠯᠤᠮᠵᠢ ᠵᠢᠴᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠥᠷᠭᠡᠨ ᠢᠶᠠᠷ ᠨᠡᠪᠲᠡᠷᠡᠭᠦᠯᠵᠦ᠂ | ᠵᠢᠭᠰᠠᠭᠠᠯ ᠤᠨ ᠳᠠᠮᠵᠢᠭᠤᠯᠭ᠎ᠠ ᠶᠢᠨ ᠦᠢᠯᠡᠳᠦᠯ ᠢ ᠪᠣᠶ ᠪᠣᠯᠭᠠᠵᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ | ᠰᠠᠭᠤᠷᠢ ᠶᠢ ᠪᠠᠬᠢᠵᠢᠭᠦᠯᠦᠨ᠎ᠡ᠃ | | |