ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠳᠡᠭᠡᠭᠰᠢᠯᠡᠭᠦᠯᠬᠦ ᠶᠢ  ᠠᠬᠢᠭᠤᠯᠤᠨ᠎ᠠ
ᠨᠡᠶᠢᠲᠡᠯᠡᠭᠰᠡᠨ ᠴᠠᠭ᠄
2024/6/26
    ᠡᠨᠡ ᠵᠢᠯ ᠠᠴᠠ ᠨᠠᠰᠢ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠯᠢᠳᠡᠭ  ᠦᠢᠯᠡᠴᠢᠯᠡᠭᠡ ᠡᠭᠦᠳᠴᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠮᠬᠢ ᠳᠢᠭᠯᠢᠮ ᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠤᠷᠲᠠᠯ ᠤᠨ ᠬᠤᠪᠢᠷᠠᠭᠤᠯᠤᠯᠲᠠ ᠶᠢ  ᠠᠬᠢᠭᠤᠯᠤᠨ᠎ᠠ ᠃    ᠨᠢᠭᠡ ᠳᠤ᠂ ᠤᠯᠠᠭᠠᠨᠬᠠᠳᠠ ᠬᠤᠲᠠ ᠶᠢᠨ ᠬᠠᠮᠤᠭ ᠤᠨ ᠰᠢᠨ᠎ᠡ ᠨᠡᠶᠢᠲᠡᠯᠡᠭᠰᠡᠨ ︽ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠢᠲᠡᠭᠡᠮᠵᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ  ᠳᠠᠮᠵᠢᠭᠤᠯᠤᠨ ᠲᠠᠷᠬᠠᠭᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤᠮᠳᠠ ᠬᠤᠳᠠᠯᠳᠤᠨ ᠠᠪᠬᠤ ᠲᠤᠬᠠᠢ ᠶᠢᠨ ᠬᠥᠮᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠵᠦᠢᠯᠡᠰ ᠵᠢᠴᠢ  ᠰᠢᠢᠳᠬᠡᠨ ᠲᠣᠷᠭᠠᠬᠤ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃    ᠬᠤᠶᠠᠷ ᠲᠤ᠂ ᠬᠤᠳᠠᠯᠳᠤᠨ ᠠᠪᠬᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ︽ᠳᠥᠷᠪᠡᠨ ᠲᠥᠷᠥᠯ︾ ᠤᠨ ᠠᠰᠠᠭᠤᠳᠠᠯ ᠤᠨ ᠲᠤᠰᠬᠠᠶ ᠪᠠᠶᠢᠴᠠᠭᠠᠯᠲᠠ ᠶᠢ ᠬᠢᠵᠦ᠂ ᠣᠷᠣᠯᠠᠨ ᠭᠦᠢᠴᠡᠳᠬᠡᠬᠦ ᠲᠥᠷᠥᠯ ᠵᠦᠢᠯ ᠢᠶᠠᠷ ᠨᠡᠯᠢᠶᠡᠳ ᠣᠯᠠᠨ 6 ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ 30 ᠲᠥᠷᠥᠯ ᠵᠦᠢᠯ ᠢ ᠪᠠᠶᠢᠴᠠᠭᠠᠪᠠ᠃    ᠭᠤᠷᠪᠠ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠲᠤᠰᠬᠠᠶ ᠵᠠᠰᠠᠯᠲᠠ ᠪᠠᠷ ᠠᠵᠠ ᠲᠣᠬᠢᠶᠠᠯ ᠪᠣᠯᠭᠠᠵᠤ᠂ ᠲᠣᠮᠣ ᠳ᠋ᠠᠶᠢᠲ᠋ᠠ ᠶᠢ ᠰᠢᠭᠰᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠶᠠᠭ ᠶᠠᠪᠤᠭᠳᠠᠵᠤ ᠪᠠᠶᠢᠭ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠲᠣᠭᠤᠷᠢᠨ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠡᠭᠦᠯᠡᠨ ᠲᠠᠪᠴᠠᠩ ᠤᠨ ᠬᠤᠳᠠᠯᠳᠤᠨ ᠠᠪᠬᠤ ᠪᠠᠷ ᠳᠠᠮᠵᠢᠭᠤᠯᠤᠨ ᠲᠤᠬᠠᠶ ᠶᠢᠨ ᠦᠶ᠎ᠡ ᠶᠢᠨ ᠬᠥᠮᠦᠨ ᠠᠴᠠ ᠲᠤᠯᠭᠠᠨ ᠠᠰᠠᠭᠤᠨ᠎ᠠ᠃    ᠳᠥᠷᠪᠡ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠲᠤᠰᠬᠠᠶ ᠵᠠᠰᠠᠯᠲᠠ ᠶᠢᠨ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ 124 ᠲᠥᠷᠥᠯ ᠵᠦᠢᠯ ᠢ ᠪᠠᠶᠢᠴᠠᠭᠠᠵᠤ᠂ ᠠᠰᠠᠭᠤᠳᠠᠯ ᠤᠨ ᠰᠦᠪᠡᠭᠴᠢ 25 ᠪᠠᠶᠢᠬᠤ ᠶᠢ ᠢᠯᠡᠷᠡᠭᠦᠯᠪᠡ᠃    ᠲᠠᠪᠤ ᠳᠤ᠂ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠵᠡᠭᠦᠨ ᠳᠥᠷᠪᠡᠨ ᠠᠶᠢᠮᠠᠭ ᠬᠤᠲᠠ ᠶᠢᠨ ᠳᠠᠭᠠᠭᠠᠴᠢᠯᠠᠯᠲᠠ ᠦᠨᠡᠯᠡᠬᠦ ᠲᠠᠯᠠᠪᠤᠷ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠᠷ ᠳᠠᠮᠵᠢᠭᠤᠯᠤᠨ᠂ ᠬᠡᠰᠡᠭ ᠲᠤᠰᠬᠠᠢ ᠮᠡᠷᠭᠡᠵᠢᠯ ᠤᠨ ᠬᠦᠷᠢᠶᠡᠨ ᠤ ᠲᠤᠭ᠎ᠠ ᠬᠡᠮᠵᠢᠶ᠎ᠡ ᠨᠢ ᠴᠦᠬᠡᠨ᠂ ᠬᠠᠩᠭᠠᠯᠭ᠎ᠠ ᠶᠢᠨ ᠬᠤᠳᠠᠯᠳᠤᠭᠠᠴᠢᠨ ᠤ ᠠᠰᠠᠭᠤᠳᠠᠯ ᠪᠣᠯᠤᠨ ᠣᠨᠴᠠ ᠵᠠᠷᠢᠮ ᠲᠥᠷᠥᠯ ᠵᠦᠢᠯ ᠨᠢ ᠲᠤᠰ ᠭᠠᠵᠠᠷ ᠣᠷᠣᠨ ᠳᠤ  ᠡᠶᠢᠮᠦᠷᠬᠦᠦ  ᠲᠤᠰᠬᠠᠢ ᠮᠡᠷᠭᠡᠵᠢᠯᠲᠡᠨ  ᠪᠠᠶᠢᠬᠤ ᠦᠭᠡᠢ ᠪᠣᠯ ᠵᠥᠪᠬᠡᠨ ᠪᠤᠰᠤᠳ  ᠲᠤᠰᠬᠠᠢ ᠮᠡᠷᠭᠡᠵᠢᠯᠲᠡᠨ ᠤ ᠠᠰᠠᠭᠤᠳᠠᠯ ᠢ  ᠰᠤᠩᠭᠤᠵᠤ ᠪᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号