ᠮᠠᠨ ᠤ ᠬᠤᠰᠢᠭᠤᠨ ᠤ ᠳᠡᠭᠡᠷ᠎ᠡ ᠬᠠᠭᠠᠰ ᠵᠢᠯ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 5 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2024/6/26
    ᠳᠡᠭᠡᠷ᠎ᠡ ᠬᠠᠭᠠᠰ ᠵᠢᠯ ᠳᠤ᠂ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠥᠬᠦᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠰᠢᠢᠳᠪᠦᠷᠢᠯᠡᠬᠦ᠂ ᠴᠢᠨᠠᠷ ᠰᠠᠶᠢᠲᠠᠶ ᠦᠢᠯᠡᠴᠢᠯᠡᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠷᠠᠯᠵᠢᠶᠠᠯᠠᠬᠤ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ  ᠦᠢᠯᠡᠴᠢᠯᠡᠨ᠎ᠡ᠃    2024 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ 59 ᠪᠡᠶᠡᠯᠡᠭᠦᠯᠵᠦ᠂ ᠬᠤᠳᠠᠯᠳᠤᠨ ᠠᠪᠬᠤ ᠲᠥᠰᠦᠪ ᠢ 56308.44 ᠲᠦᠮᠡᠨ ᠲᠥᠭᠦᠷᠢᠭ ᠪᠡᠶᠡᠯᠡᠭᠦᠯᠵᠦ᠂ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 55617.69 ᠲᠦᠮᠡᠨ ᠲᠥᠭᠦᠷᠢᠭ ᠲᠤ ᠬᠦᠷᠴᠦ᠂ 690.75 ᠲᠦᠮᠡᠨ ᠲᠥᠭᠦᠷᠢᠭ ᠤᠨ ᠪᠠᠯᠠ ᠮᠥᠩᠭᠦ ᠶᠢ ᠠᠷᠪᠢᠯᠠᠵᠤ᠂ ᠪᠠᠯᠠ ᠮᠥᠩᠭᠦ ᠶᠢ ᠠᠷᠪᠢᠯᠠᠭᠰᠠᠨ ᠨᠣᠷᠮ᠎ᠠ 1.2% ᠲᠤ ᠬᠦᠷᠴᠡᠶ᠃ ᠡᠭᠦᠨ ᠳᠤ ᠂ ᠢᠨᠵᠧᠨᠧᠷᠢᠩ ᠤᠨ ᠲᠥᠷᠥᠯ 53297.67 ᠲᠦᠮᠡᠨ ᠲᠥᠭᠦᠷᠢᠭ ᠤᠨ ᠬᠤᠳᠠᠯᠳᠤᠨ ᠠᠪᠬᠤ ᠲᠥᠰᠦᠪ ᠢ ᠪᠡᠶᠡᠯᠡᠭᠦᠯᠵᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ 52828.32 ᠲᠦᠮᠡᠨ ᠲᠥᠭᠦᠷᠢᠭ ᠲᠤ ᠬᠦᠷᠴᠦ᠂ ᠪᠠᠯᠠ ᠮᠥᠩᠭᠦ ᠶᠢ 469.35 ᠲᠦᠮᠡᠨ ᠲᠥᠭᠦᠷᠢᠭ ᠠᠷᠪᠢᠯᠠᠵᠤ᠂ ᠪᠠᠯᠠ ᠮᠥᠩᠭᠦ ᠶᠢ ᠠᠷᠪᠢᠯᠠᠭᠰᠠᠨ ᠨᠣᠷᠮ᠎ᠠ 0.88 % ᠳᠤ ᠬᠦᠷᠴᠡᠶ︔ ᠪᠠᠷᠠᠭᠠᠨ ᠤ ᠲᠥᠷᠥᠯ ᠬᠤᠳᠠᠯᠳᠤᠨ ᠠᠪᠬᠤ ᠲᠥᠰᠦᠪ ᠢ 2347.93 ᠲᠦᠮᠡᠨ ᠲᠥᠭᠦᠷᠢᠭ ᠪᠡᠶᠡᠯᠡᠭᠦᠯᠵᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ 2126.56 ᠲᠦᠮᠡᠨ ᠲᠥᠭᠦᠷᠢᠭ ᠲᠤ ᠬᠦᠷᠴᠦ᠂ ᠪᠣᠳᠠᠲᠠᠶ ᠬᠤᠳᠠᠯᠳᠤᠨ ᠠᠪᠤᠭᠰᠠᠨ ᠪᠡᠯᠡ ᠮᠥᠩᠭᠦ 2126.56 ᠲᠦᠮᠡᠨ ᠲᠥᠭᠦᠷᠢᠭ᠂ ᠪᠡᠯᠡ ᠮᠥᠩᠭᠦ ᠶᠢ ᠠᠷᠪᠢᠯᠠᠭᠰᠠᠨ ᠨᠣᠷᠮ᠎ᠠ 9.6 % ᠳᠤ ᠬᠦᠷᠪᠡ︔ ᠦᠢᠯᠡᠴᠢᠯᠡᠭᠡᠨ ᠤ ᠲᠥᠷᠥᠯ ᠬᠤᠳᠠᠯᠳᠤᠨ ᠠᠪᠬᠤ ᠲᠥᠰᠦᠪ ᠢ 662.85 ᠲᠦᠮᠡᠨ ᠲᠥᠭᠦᠷᠢᠭ ᠪᠡᠶᠡᠯᠡᠭᠦᠯᠵᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ 662.85 ᠲᠦᠮᠡᠨ ᠲᠥᠭᠦᠷᠢᠭ᠂ 0.04 ᠲᠦᠮᠡᠨ ᠲᠥᠭᠦᠷᠢᠭ ᠤᠨ ᠪᠡᠯᠡ ᠮᠥᠩᠭᠦ ᠶᠢ ᠠᠷᠪᠢᠯᠠᠵᠤ᠂ ᠪᠡᠯᠡ ᠮᠥᠩᠭᠦ ᠶᠢ 0.04 ᠲᠦᠮᠡᠨ ᠲᠥᠭᠦᠷᠢᠭ ᠠᠷᠪᠢᠯᠠᠪᠠ᠃ ᠬᠤᠲᠠ ᠶᠢᠨ ᠱᠠᠲᠤᠨ ᠤ ᠲᠠᠪᠴᠠᠩ ᠳᠤ 7 ᠤᠯᠤᠰ ᠤᠨ ᠭᠠᠵᠠᠷ ᠰᠢᠷᠣᠶ ᠶᠢ ᠰᠢᠯᠵᠢᠭᠦᠯᠦᠨ ᠥᠭᠬᠦ ᠲᠥᠷᠥᠯ ᠤᠨ ᠲᠥᠷᠥᠯ ᠵᠦᠢᠯ ᠢ ᠪᠡᠶᠡᠯᠡᠭᠦᠯᠵᠦ᠂ ᠡᠬᠢᠯᠡᠵᠦ ᠬᠠᠶᠠᠯᠴᠠᠭᠰᠠᠨ ᠶᠡᠷᠦᠩᠬᠡᠶ ᠦᠨ᠎ᠡ ᠨᠢ 10948.8 ᠲᠦᠮᠡᠨ ᠲᠥᠭᠦᠷᠢᠭ᠂ ᠠᠷᠠᠯᠵᠢᠶ᠎ᠠ ᠪᠦᠲᠦᠭᠰᠡᠨ ᠶᠡᠷᠦᠩᠬᠡᠶ ᠦᠨ᠎ᠡ ᠨᠢ 10958.8 ᠲᠦᠮᠡᠨ ᠲᠥᠭᠦᠷᠢᠭ᠂ ᠥᠷᠲᠡᠭ ᠤᠨ ᠨᠡᠮᠡᠭᠳᠡᠯ ᠨᠢ 10 ᠲᠦᠮᠡᠨ ᠲᠥᠭᠦᠷᠢᠭ ᠪᠠᠶᠢᠵᠤ᠂ ᠰᠠᠶᠢᠨ ᠰᠠᠶᠢᠬᠠᠨ ᠠᠵᠤ ᠠᠬᠤᠶ ᠪᠠ ᠨᠡᠶᠢᠭᠡᠮ ᠤᠨ ᠦᠷ᠎ᠡ ᠠᠰᠢᠭ ᠢ ᠣᠯᠤᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号