ᠠᠤᠬᠠᠨ ᠬᠤᠰᠢᠭᠤ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/6/26
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠠᠤᠬᠠᠨ ᠬᠤᠰᠢᠭᠤ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠭᠠᠷᠭᠠᠪᠠ᠃
C:\Users\Administrator\Desktop\1.jpg
    ᠲᠣᠭᠯᠠᠯᠲᠠ ᠨᠢ ︽ᠪᠠᠶᠠᠷ ᠤᠨ ᠳᠠᠭᠤᠤ︾ ᠶᠢᠨ ᠳᠤᠮᠳᠠ ᠬᠥᠰᠢᠭᠡ ᠪᠠᠨ ᠰᠡᠬᠦᠵᠦ᠂ ᠰᠢ ᠵᠦᠴᠦᠭᠡ᠂ ᠳᠠᠭᠤᠤ᠂ ᠪᠥᠵᠢᠭ ᠵᠡᠷᠭᠡ 11 ᠭᠤᠶᠢᠳᠠ ᠰᠠᠶᠢᠬᠠᠨ ᠲᠣᠭᠯᠠᠯᠲᠠ ᠶᠢ ᠡᠭᠡᠯᠵᠢᠯᠡᠨ ᠲᠣᠭᠯᠠᠵᠤ᠂ ᠲᠣᠭᠯᠠᠭᠴᠢᠳ ᠪᠥᠵᠢᠭ ᠤᠨ ᠳᠦᠷᠢ ᠲᠥᠷᠬᠦ ᠪᠣᠯᠤᠨ ᠨᠠᠷᠢᠯᠢᠭ ᠲᠣᠭᠯᠠᠯᠲᠠ ᠪᠠᠷ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠠᠬᠢ ᠰᠤᠷᠤᠯᠭ᠎ᠠ ᠶᠢᠨ ᠠᠮᠵᠢᠯᠲᠠ ᠪᠠᠨ ᠳᠡᠯᠭᠡᠨ ᠦᠵᠡᠭᠦᠯᠵᠡᠢ᠃ ᠪᠦᠬᠦ ᠲᠣᠭᠯᠠᠯᠲᠠ ᠨᠢ ᠭᠤᠶᠢᠳᠠ ᠰᠠᠶᠢᠬᠠᠨ ᠶᠠᠪᠤᠭᠳᠠᠵᠤ᠂ ᠬᠦᠷ ᠬᠥᠭᠵᠢᠶᠡᠨ ᠢᠶᠠᠷ ᠪᠢᠯᠬᠠᠵᠤ᠂ ᠪᠠᠶᠢᠨ ᠪᠠᠶᠢᠨ ᠬᠠᠯᠠᠭᠤᠨ ᠠᠯᠠᠭ᠎ᠠ ᠲᠠᠰᠢᠯᠳᠠ ᠪᠠ ᠮᠠᠭᠲᠠᠭᠠᠯ ᠰᠠᠶᠢᠰᠢᠶᠠᠯ ᠢ ᠣᠯᠵᠤ ᠪᠠᠶᠢᠯ᠎ᠠ᠃
C:\Users\Administrator\Desktop\2.jpg
    ᠠᠵᠢᠯᠯᠠᠭ᠎ᠠ ᠶᠢᠨ ᠳᠤᠮᠳᠠ᠂ ᠠᠤᠬᠠᠨ ᠬᠤᠰᠢᠭᠤᠨ ᠤ ᠨᠠᠰᠤᠲᠠᠶᠢᠴᠤᠳ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠤᠷᠠᠨ ᠪᠢᠴᠢᠯᠭᠡᠲᠡᠨ ᠠᠴᠠ ᠲᠤᠬᠠᠶ ᠶᠢᠨ ᠲᠠᠯᠠᠪᠠᠶ ᠳᠤ ᠤᠷᠠᠨ ᠪᠢᠴᠢᠯᠭᠡ ᠪᠢᠴᠢᠵᠤ᠂ ᠨᠠᠮ ᠳᠠᠭᠠᠨ ᠬᠠᠶᠢᠷᠠᠲᠠᠢ ᠪᠠᠶᠢᠭ᠎ᠠ ᠪᠠᠨ ᠢᠯᠡᠳᠬᠡᠪᠡ︔ ᠠᠤᠬᠠᠨ ᠬᠤᠰᠢᠭᠤᠨ ᠤ ᠤᠷᠠᠨ ᠵᠢᠷᠤᠭᠴᠢᠳ ᠤᠨ ᠨᠡᠶᠢᠭᠡᠮᠯᠢᠭ ᠤᠨ ᠤᠷᠠᠨ ᠵᠢᠷᠤᠭᠴᠢᠳ ᠲᠤᠬᠠᠶ ᠶᠢᠨ ᠲᠠᠯᠠᠪᠠᠶ ᠳᠤ  ᠤᠯᠤᠰ ᠤᠨ ᠵᠢᠷᠤᠭ ᠢ ᠵᠣᠬᠢᠶᠠᠨ ᠪᠦᠲᠦᠭᠡᠪᠡ︔ ᠠᠤᠬᠠᠨ ᠬᠤᠰᠢᠭᠤᠨ ᠤ ᠠᠷᠠᠳ ᠤᠨ ᠤᠷᠠᠯᠢᠭᠴᠢᠳ ᠤᠨ ᠨᠡᠶᠢᠭᠡᠮᠯᠢᠭ ᠤᠨ ᠤᠷᠠᠯᠢᠭᠴᠢᠳ ᠲᠤᠬᠠᠶ ᠶᠢᠨ ᠲᠠᠯᠠᠪᠠᠶ ᠳᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠨ᠎ᠠ︾ ᠭᠡᠬᠦ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠬᠠᠶᠢᠴᠢᠯᠠᠨ ᠭᠠᠷᠭᠠᠵᠠᠢ︔ ᠪᠠᠰᠠ ᠵᠠᠭᠤᠨ ᠨᠠᠰᠤᠲᠠᠶ ᠠᠬᠠᠮᠠᠳ ᠨᠠᠮ ᠤᠨ ᠭᠡᠰᠢᠭᠦᠨ ᠵᠢᠶᠠᠩ ᠶᠤᠸᠠᠢ ᡁᠢ ᠳᠤ ︽ᠤᠭ ᠰᠠᠨᠠᠭ᠎ᠠ ᠪᠠᠨ ᠦᠯᠦ ᠮᠠᠷᠲᠠᠬᠤ︾ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠪᠡᠯᠡᠭᠯᠡᠵᠡᠶ᠃
C:\Users\Administrator\Desktop\3=.jpg
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ᠂ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠭᠡ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠠᠵᠢᠯ ᠠᠴᠠ ᠪᠠᠨ   ᠠᠮᠠᠷᠠᠭᠰᠠᠨ ᠠᠬᠠᠮᠠᠳ ᠺᠠᠳ᠋ᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠤᠬᠠᠭᠤᠯᠬᠤ ᠬᠡᠯᠲᠡᠰ ᠤᠨ ᠠᠵᠢᠯᠲᠠᠨ 160 ᠭᠠᠷᠤᠶ ᠬᠦᠮᠦᠰ ᠠᠵᠢᠯᠯᠠᠭ᠎ᠠ ᠳᠤ ᠣᠷᠣᠯᠴᠠᠵᠠᠶ᠃
C:\Users\Administrator\Desktop\3.jpg
    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠰᠤᠲᠠᠶᠢᠴᠤᠳ ᠤᠨ ᠨᠠᠮ ᠳᠠᠭᠠᠨ ᠲᠠᠯᠠᠷᠬᠠᠬᠤ ᠰᠡᠳᠬᠢᠯᠭᠡ ᠪᠠ ᠡᠬᠡ ᠤᠯᠤᠰ ᠲᠠᠭᠠᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠭᠦᠢᠴᠡᠳ ᠢᠯᠡᠳᠬᠡᠵᠦ᠂ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠡᠷᠡᠭᠦᠯ ᠰᠠᠷᠠᠭᠤᠯ ᠪᠠᠶᠠᠷ ᠬᠥᠷ ᠲᠠᠢ ᠠᠮᠢᠳᠤᠷᠠᠯ ᠤᠨ ᠣᠪᠣᠷ ᠢ ᠳᠠᠮᠵᠢᠭᠤᠯᠵᠤ᠂ ᠨᠠᠩ ᠣᠯᠠᠨ ᠨᠠᠰᠤᠲᠠᠶᠢᠴᠤᠳ ᠢ ᠵᠣᠷᠢᠭᠵᠢᠭᠤᠯᠤᠨ ᠡᠯ᠎ᠡ ᠲᠥᠷᠥᠯ ᠤᠨ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠤᠯᠴᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠ ᠬᠥᠭᠵᠢᠯᠲᠡ ᠳᠠᠪᠰᠢᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号