ᠣᠷᠤᠢ ᠶᠢᠨ ᠰᠦᠮ᠎ᠡ ᠰᠣᠮᠤ᠄ ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠵᠦ ᠠᠮᠤᠷ ᠲᠥᠪᠰᠢᠨ ᠤ ᠦᠢᠯᠡᠳᠪᠦᠷᠢᠯᠡᠯ ᠢ  ᠬᠠᠮᠠᠭᠠᠯᠠᠨ᠎ᠠ
ᠨᠡᠶᠢᠲᠡᠯᠡᠭᠰᠡᠨ ᠴᠠᠭ᠄
2024/6/27
        ᠥᠷᠭᠡᠨ ᠤᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠪᠦᠬᠦ ᠤᠯᠤᠰ ᠤᠨ 23 ᠳᠠᠬᠢ ᠠᠶᠤᠯᠭᠦᠢ ᠦᠢᠯᠡᠳᠪᠦᠷᠢᠯᠡᠯ ᠤᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠤᠷᠤᠢ ᠶᠢᠨ ᠰᠦᠮ᠎ᠡ ᠰᠤᠮᠤ ᠳᠡᠭᠡᠳᠦ ᠱᠠᠲᠤᠨ ᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ —ᠠᠮᠢ ᠨᠠᠰᠤᠨ ᠤ ᠵᠠᠮ ᠢ ᠰᠢᠯᠤᠭᠤᠳᠬᠠᠬᠤ︾ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ︽ᠠᠮᠤᠷ ᠲᠦᠪᠰᠢᠨ ᠤ ᠨᠡᠭᠡᠯᠡᠬᠡᠶ︾ ᠶᠢ ᠦᠨᠡᠨᠬᠦ ᠴᠢᠩᠭᠠᠳᠬᠠᠪᠠ᠃     ᠨᠢᠭᠡ ᠂ ᠲᠠᠪᠤ ᠳᠤ ᠣᠷᠤᠬᠤ ᠤᠬᠠᠭᠤᠯᠭ᠎ᠠ ᠶᠢ ᠨᠡᠶᠢᠳᠡᠮ  ᠪᠦᠷᠬᠦᠭᠦᠯᠪᠡ᠃ ᠣᠷᠤᠢ ᠶᠢᠨ ᠰᠦᠮ᠎ᠡ ᠰᠣᠮᠣ ︽ᠠᠵᠤ ᠠᠬᠤᠶᠢᠯᠠᠯ᠂ ᠰᠤᠷᠭᠠᠭᠤᠯᠢ᠂ ᠪᠠᠶᠢᠭᠤᠯᠭ᠎ᠠ᠂ ᠭᠠᠴᠠᠭ᠎ᠠ᠂ ᠡᠷᠦᠬᠡ ᠳᠤ ᠣᠷᠤᠬᠤ︾ ᠲᠠᠪᠦᠨ ᠠᠵᠢᠯ ᠤᠨ ᠠᠷᠭ᠎ᠠ ᠠᠪᠴᠠᠯ ᠢᠶᠠᠷ ᠣᠬᠠᠭᠤᠯᠭ᠎ᠠ ᠶᠢᠨ ᠬᠠᠭᠤᠳᠠᠰᠦ ᠳᠠᠷᠬᠠᠭᠠᠬᠤ᠂ ᠡᠷᠦᠬᠡ ᠳᠤ ᠣᠷᠣᠬᠤ ᠪᠠᠷ ᠳᠠᠮᠵᠢᠨ ᠠᠶᠤᠯᠬᠦᠢ ᠦᠢᠯᠡᠳᠪᠦᠷᠢᠯᠡᠯ ᠤᠨ ᠮᠡᠳᠡᠯᠭᠡ ᠶᠢ ᠲᠠᠶᠢᠯᠪᠣᠷᠢᠯᠠᠵᠤ᠂ ᠮᠠᠯᠴᠢᠨ ᠲᠠᠷᠢᠶᠠᠴᠢᠨ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠠᠶᠣᠯᠬᠦᠢ ᠦᠢᠯᠡᠳᠪᠦᠷᠢᠯᠡᠯ ᠤᠨ ᠦᠵᠡᠯ ᠣᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠬᠦᠯᠵᠡᠢ᠃ ᠰᠤᠮᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠯᠪᠠᠨ ᠬᠡᠷ ᠭᠤᠤᠯᠳᠠᠯᠭ᠎ᠠ ᠲᠠᠢ ᠣᠷᠣᠨ ᠪᠦᠰᠡ ᠶᠢᠨ ᠢᠯᠡ ᠭᠠᠵᠠᠷ ᠲᠤ ᠤᠬᠠᠭᠤᠯᠭ᠎ᠠ ᠶᠢᠨ ᠵᠠᠷᠯᠠᠯ ᠨᠠᠭᠠᠵᠤ᠂ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ ᠣᠯᠠᠨ ᠲᠦᠮᠡᠨ ᠳᠤ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠠᠮᠤᠭᠤᠯᠠᠩ ᠰᠤᠮᠤ ᠶᠢ ᠬᠠᠮᠲᠤ ᠪᠠᠷ  ᠪᠠᠶᠢᠭᠤᠯᠤᠨ᠎ᠠ᠃     ᠬᠤᠶᠠᠷ ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠵᠡᠷᠭᠡᠪᠡᠷ  ᠬᠦᠴᠦᠯᠡᠪᠡ᠃ ᠣᠷᠤᠢ ᠶᠢᠨ ᠰᠦᠮ᠎ᠡ ᠰᠣᠮᠣ ︽ᠨᠠᠮ ᠵᠠᠰᠠᠭ ᠠᠳᠠᠯᠢ ᠬᠠᠷᠢᠭᠤᠴᠠᠯᠭ᠎ᠠ︾᠂ ᠠᠶᠣᠯᠬᠦᠢ ᠦᠢᠯᠡᠳᠪᠣᠷᠢᠯᠡᠯ ᠤᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠣᠷᠢᠵᠢᠭᠤᠯᠵᠦ᠂ ᠠᠶᠣᠯᠬᠦᠢ ᠦᠢᠯᠡᠳᠪᠣᠷᠢᠯᠡᠯ ᠤᠨ ᠵᠣᠬᠢᠶᠠᠨ ᠪᠠᠶᠢᠭᠤᠯᠣᠯᠲᠠ ᠶᠢᠨ ᠣᠳᠣᠷᠢᠳᠬᠤ ᠪᠠᠶᠢᠭᠤᠯᠤᠮᠵᠢ ᠶᠢ ᠰᠢᠯᠢᠳᠡᠭᠵᠢᠬᠦᠯᠦᠨ᠂ ᠡᠯ᠎ᠡ ᠨᠢᠭᠡᠴᠡ᠂ ᠠᠵᠤ ᠠᠬᠤᠶᠢᠯᠠᠯ᠂ ᠬᠤᠳᠠᠯᠳᠣᠭᠠᠨ ᠤ ᠡᠷᠣᠭᠡ ᠵᠡᠷᠭᠡ ᠶᠢ ᠵᠣᠬᠢᠶᠠᠨ ᠪᠠᠶᠢᠭᠤᠯᠵᠦ ᠠᠶᠣᠯᠬᠦᠢ ᠦᠢᠯᠡᠳᠪᠣᠷᠢᠯᠡᠯ ᠤᠨ ᠠᠮᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠣᠵᠦ᠂ ᠱᠠᠲᠦ ᠱᠠᠲᠦ ᠪᠠᠷ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠴᠢᠩᠭᠠᠳᠬᠠᠵᠤ᠂ ᠠᠶᠣᠯᠬᠦᠢ ᠦᠢᠯᠡᠳᠪᠣᠷᠢᠯᠡᠯ ᠤᠨ ︽ᠤᠯᠠᠭᠠᠨ ᠱᠣᠭᠤᠮ ᠤᠨ ᠣᠬᠠᠮᠰᠡᠷ︾ ᠪᠠ ᠬᠠᠷᠢᠭᠤᠴᠠᠯᠭ᠎ᠠ ᠶᠢᠨ ᠣᠬᠠᠮᠰᠡᠷ ᠢ ᠴᠢᠩᠭᠠᠳᠬᠠᠵᠦ᠂ ᠠᠶᠣᠯᠬᠦᠢ ᠦᠢᠯᠡᠳᠪᠣᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠪᠠ᠃     ᠭᠤᠷᠪᠠ ᠂ ᠵᠣᠭᠰᠣᠯ ᠦᠭᠡᠢ ᠬᠢᠨᠠᠨ ᠵᠢᠯᠤᠭᠤᠳᠴᠤ  ᠪᠠᠶᠢᠴᠠᠭᠠᠨ᠎ᠠ᠃ ᠣᠷᠤᠢ ᠶᠢᠨ ᠰᠦᠮ᠎ᠡ ᠰᠣᠮᠣ ᠠᠶᠣᠯᠬᠦᠢ ᠦᠢᠯᠡᠳᠪᠣᠷᠢᠯᠡᠯ ᠤᠨ ᠬᠠᠮᠢᠶᠠᠷᠣᠯᠲᠠ ᠶᠢᠨ ᠬᠦᠴᠦᠨ ᠢᠶᠠᠨ ᠦᠷᠬᠦᠯᠵᠢᠯᠠᠨ ᠴᠢᠩᠭᠠᠳᠬᠠᠵᠤ᠂ ᠬᠠᠷᠢᠶ᠎ᠡ ᠲᠣᠭᠤᠷᠢᠭ ᠤᠨ ᠭᠤᠣᠯᠳᠠᠯᠭ᠎ᠠ ᠲᠠᠢ ᠲᠦᠷᠣᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠨᠢᠭᠡᠴᠡ ᠳᠤ ᠴᠢᠭᠯᠡᠬᠦᠯᠦᠨ ᠣᠯᠠᠨ ᠣᠳᠠᠭᠠᠨ ᠤ ᠠᠶᠣᠯᠬᠦᠢ ᠦᠢᠯᠡᠳᠪᠣᠷᠢᠯᠡᠯ ᠤᠨ ᠱᠠᠯᠠᠪᠳᠠᠭᠤᠯᠣᠨ ᠪᠠᠶᠢᠴᠠᠭᠠᠬᠤ ᠠᠵᠢᠯ ᠢ ᠦᠷᠨᠢᠬᠦᠯᠵᠦ᠂ ᠳᠠᠯᠳᠠ ᠭᠡᠮ ᠤᠨ ᠲᠦᠭᠰᠢᠬᠦᠷᠢ ᠶᠢ ᠴᠠᠭ ᠲᠣᠬᠠᠢ ᠳᠤᠨᠢ ᠠᠷᠢᠯᠭᠠᠵᠦ᠂ ᠢᠯᠡᠷᠡᠬᠦᠯᠦᠭᠰᠡᠨ ᠠᠰᠠᠭᠤᠳᠠᠯ ᠳᠤ ᠴᠢᠭᠯᠡᠬᠦᠯᠵᠦ᠂ ᠡᠯ᠎ᠡ ᠬᠠᠮᠢᠶ᠎ᠡ ᠪᠦᠬᠦᠢ ᠬᠠᠷᠢᠭᠤᠴᠠᠯᠭᠠᠲᠠᠨ ᠲᠠᠷᠣᠢ ᠳᠤᠨᠢ ᠬᠡᠷᠡᠭᠵᠢᠬᠦᠯᠵᠦ ᠲᠠᠷᠣᠢ ᠳᠤᠨᠢ ᠵᠠᠯᠠᠷᠠᠭᠤᠯᠵᠦ᠂ ᠲᠠᠷᠣᠢ ᠳᠤᠨᠢ ᠬᠡᠷᠡᠭᠵᠢᠬᠦᠯᠵᠦ ᠲᠠᠷᠣᠢ ᠳᠤᠨᠢ ᠵᠠᠰᠠᠨ ᠰᠠᠶᠢᠵᠢᠷᠠᠭᠤᠯᠵᠦ ᠲᠡᠶᠢᠯᠬᠦ ᠦᠬᠡᠢ ᠪᠠᠶᠢᠳᠠᠯ ᠢ ᠬᠤᠭᠤᠴᠠᠭ᠎ᠠ ᠬᠢᠵᠠᠭᠠᠷᠯᠠᠨ ᠵᠠᠰᠠᠨ  ᠰᠠᠶᠢᠵᠢᠷᠠᠭᠤᠯᠬᠤ ᠶᠢ ᠪᠠᠳᠣᠯᠠᠵᠦ᠂ ᠦᠢᠯᠡᠳᠪᠣᠷᠢᠯᠡᠯ ᠤᠨ ᠠᠵᠢᠯᠯᠠᠭ᠎ᠠ ᠶᠢᠨ ᠲᠣᠮᠲᠠ ᠠᠶᠣᠯᠬᠦᠢ ᠦᠢᠯᠡᠳᠪᠣᠷᠢᠯᠡᠯ ᠤᠨ ᠠᠳᠠᠯ ᠭᠠᠷᠬᠤ ᠦᠬᠡᠢ ᠪᠠᠶᠢᠬᠤ ᠶᠢ ᠦᠨᠡᠨ ᠬᠦ ᠪᠠᠳᠣᠯᠠᠵᠦ ᠂ ᠠᠷᠠᠳ ᠣᠯᠠᠨ ᠤ ᠠᠮᠢ ᠨᠠᠰᠦ ᠡᠷᠡᠬᠦᠯ ᠮᠡᠨᠳᠦ ᠶᠢ ᠪᠦᠬᠦ ᠲᠠᠯ᠎ᠠ ᠪᠠᠷ  ᠬᠠᠮᠠᠭᠠᠯᠠᠨ᠎ᠠ᠃    ᠣᠷᠤᠢ ᠶᠢᠨ ᠰᠦᠮ᠎ᠡ ᠰᠣᠮᠤ ᠬᠤᠷᠢᠭ᠎ᠠ ᠱᠣᠭᠤᠮ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠮᠣᠷ ᠲᠦᠪᠰᠢᠨ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠦᠨ᠂ ᠣᠷᠲᠣ ᠬᠤᠭᠤᠴᠠᠭᠠᠨ ᠤ ᠪᠦᠲᠦᠮᠵᠢᠲᠦ ᠲᠤᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ︽ᠠᠮᠢ ᠨᠠᠰᠤ ᠡᠷᠬᠢᠮ ᠳᠡᠭᠡᠳᠦ᠂ ᠠᠮᠣᠷ ᠲᠦᠪᠰᠢᠨ ᠢ ᠳᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠂ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠲᠠᠰᠣᠷᠠᠯᠲᠠ ᠦᠭᠡᠢ  ᠴᠢᠩᠭᠠᠳᠬᠠᠨ᠎ᠠ ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号