ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ ᠪᠦᠯᠬᠦᠮ ᠳᠠᠭᠠᠭᠤᠯᠤᠨ ᠤᠯᠠᠭᠠᠨᠮᠥ᠋ᠴᠢᠷ ᠤᠨ ᠲᠤᠬᠠᠶᠢᠯᠠᠭᠰᠠᠨ ᠠᠵᠢᠯ  ᠳᠤ  ᠬᠡᠷᠡᠭᠯᠡᠬᠦ ᠭᠡᠷ  ᠢ  ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/6/27
    2024 ᠣᠨ ᠤ 6 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ ᠠᠤᠬᠠᠨ ᠬᠤᠰᠢᠭᠤᠨ ᠤ ᠤᠯᠠᠭᠠᠨᠮᠥ᠋ᠴᠢᠷ ᠤᠨ ᠲᠤᠬᠠᠶᠢᠯᠠᠭᠰᠠᠨ ᠠᠵᠢᠯ  ᠳᠤ ᠬᠡᠷᠡᠭᠯᠡᠬᠦ ᠭᠡᠷ  ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ᠃ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ ᠨᠢ 702 ᠲᠦᠮᠡᠨ ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ 700 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠣᠳᠣᠬᠠᠨ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠨᠢ 2000 ᠲᠡᠭᠰᠢ ᠳᠥᠷᠪᠡᠯᠵᠢᠨ  ᠮᠧᠲᠷ ᠪᠠᠶᠢᠵᠤ᠂ ᠨᠢᠭᠡ ᠭᠤᠤᠯ ᠲᠠᠪᠴᠠᠩ ᠪᠠᠶᠢᠭᠤᠯᠵᠤ᠂  ᠭᠡᠷᠡᠯᠲᠦ ᠳ᠋ᠧᠩ ᠬᠦᠩᠬᠢᠨᠡᠭᠦᠷ ᠵᠡᠷᠭᠡ ᠲᠥᠬᠦᠭᠡᠷᠦᠮᠵᠢ ᠵᠢᠴᠢ ᠲᠤᠰᠠᠯᠠᠬᠤ ᠲᠥᠬᠦᠭᠡᠷᠦᠮᠵᠢ ᠶᠢ ᠢᠵᠢ ᠪᠥᠷᠢᠳᠦᠭᠦᠯᠦᠨ ᠬᠤᠳᠠᠯᠳᠤᠨ ᠠᠪᠴᠤ  ᠤᠭᠰᠠᠷᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号