ᠸᠠᠩ ᠶᠦᠩ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2024/6/27
    6 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠤᠭᠰᠠᠨ ᠪᠥᠭᠡᠳ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠭᠧ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠴᠧᠩ ᠫᠸᠢ ᠾᠧᠩ᠂ ᠲᠣᠭᠤᠷᠢᠭ ᠤᠨ ᠳᠡᠳ᠋ ᠳᠠᠷᠤᠭ᠎ᠠ ᠵᠦ ᠬᠠᠶ ᠪᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
C:\Users\Administrator\Desktop\1.jpg
    ᠶᠠᠷᠢᠯᠴᠠᠬᠤ ᠬᠤᠷᠠᠯ ᠳᠡᠭᠡᠷ᠎ᠡ᠂ ᠸᠠᠩ ᠶᠦᠩ ᠵᠢᠶᠦ᠋ᠨ ᠠᠴᠠ ᠬᠤᠶᠠᠷ ᠭᠠᠵᠠᠷ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠡᠷᠭᠢᠴᠡᠭᠦᠯᠬᠦ ᠶᠢᠨ ᠬᠠᠮᠲᠤ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠲᠡᠷᠡ᠂ 2011 ᠣᠨ  ᠳᠤ ᠬᠠᠶᠢᠳᠢᠶᠠᠨ ᠲᠣᠭᠤᠷᠢᠭ ᠤᠨ ᠠᠵᠢᠯ ᠲᠦᠷᠦᠯ ᠢᠶᠠᠷ ᠢᠶᠠᠨ ᠠᠤᠬᠠᠨ ᠬᠤᠰᠢᠭᠤ ᠶᠢ ᠬᠠᠪᠰᠤᠷᠤᠨ ᠲᠡᠳᠬᠦᠭᠰᠡᠨ ᠠᠴᠠ ᠨᠠᠰᠢ᠂ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠤᠬᠠᠨ ᠬᠤᠰᠢᠭᠤ ᠶᠢ ᠶᠡᠬᠡᠪᠡᠷ ᠳᠡᠮᠵᠢᠵᠦ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠡᠷᠴᠢᠮ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ᠂ ᠡᠷᠴᠢ ᠵᠣᠷᠢᠭ ᠢᠶᠠᠨ ᠰᠤᠯᠠᠷᠠᠭᠤᠯᠬᠤ ᠥᠬᠡᠶ ᠪᠠᠶᠢᠬᠤ ᠶᠢ ᠢᠮᠠᠭᠲᠠ ᠪᠠᠲᠤᠯᠠᠵᠤ᠂ ᠬᠤᠶᠠᠷ ᠭᠠᠵᠠᠷ ᠤᠨ ᠰᠣᠯᠢᠯᠴᠠᠭᠠᠨ ᠤ ᠲᠣᠭᠲᠠᠴᠠ ᠠᠯᠬᠤᠮ ᠠᠯᠬᠤᠮ ᠢᠶᠠᠷ ᠲᠡᠭᠦᠯᠳᠡᠷᠵᠢᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ᠂ ᠬᠤᠤᠰᠯᠠᠯ ᠪᠠᠶᠢᠭᠤᠯᠤᠨ ᠬᠠᠪᠰᠤᠷᠤᠨ ᠲᠡᠳᠬᠦᠬᠦ ᠵᠡᠷᠭᠡ ᠠᠯᠢ ᠣᠯᠠᠨ  ᠪᠦᠲᠦᠮᠵᠢᠲᠡᠢ ᠦᠷ᠎ᠡ ᠪᠦᠲᠦᠭᠡᠯ ᠣᠯᠤᠭᠰᠠᠨ ᠪᠠᠶᠢᠨ᠎ᠠ ᠭᠡᠵᠦ ᠵᠢᠭᠠᠨ ᠭᠠᠷᠭᠠᠪᠠ᠃    ᠸᠠᠩ ᠶᠦᠩ ᠵᠢᠶᠦ᠋ᠨ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ᠬᠠᠶᠢᠳᠢᠶᠠᠨ ᠲᠣᠭᠤᠷᠢᠭ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠠᠤᠬᠠᠨ ᠢ ᠠᠩᠬᠠᠷᠴᠤ᠂ ᠠᠤᠬᠠᠨ ᠢ ᠬᠠᠪᠰᠤᠷᠴᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ᠂ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠥᠨᠳᠥᠷ ᠪᠦᠲᠦᠮᠵᠢᠲᠡᠢ ᠬᠤᠪᠢᠷᠠᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠪᠦᠬᠦ ᠲᠠᠯ᠎ᠠ ᠪᠠᠷ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠴᠤ᠋ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠵᠠᠩ ᠭᠧ ᠠᠴᠠ ᠠᠤᠬᠠᠨ ᠬᠤᠰᠢᠭᠤᠨ ᠤ ᠬᠥᠮᠥᠰ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠵᠢᠯ ᠲᠦᠷᠦᠯ ᠢᠶᠠᠷ ᠢᠶᠠᠨ ᠬᠠᠮᠵᠢᠯᠴᠠᠵᠤ ᠬᠠᠪᠰᠤᠷᠤᠨ ᠲᠡᠳᠬᠦᠬᠦ ᠶᠢ ᠥᠷᠨᠢᠭᠦᠯᠦᠭᠰᠡᠨ ᠠᠴᠠ ᠨᠠᠭᠠᠰᠢ᠂ ᠬᠤᠶᠠᠷ ᠭᠠᠵᠠᠷ ᠤᠨ ᠬᠢᠨ ᠬᠥᠳᠡᠭᠡ ᠠᠵᠤ ᠠᠬᠤᠢ ᠶᠢᠨ ᠬᠥᠭᠵᠢᠯᠲᠡ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠬᠦᠷᠢᠶᠡᠨ ᠳᠤ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠤᠶᠠᠷ ᠭᠠᠵᠠᠷ ᠤᠨ ᠺᠠᠳ᠋ᠷ ᠤᠯᠠᠨ ᠲᠦᠮᠡᠨ ᠭᠦᠨ ᠵᠤᠵᠠᠭᠠᠨ ᠨᠥᠬᠦᠷᠯᠡᠯ ᠲᠠᠢ ᠪᠣᠯᠵᠠᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠬᠠᠶᠢᠳᠢᠶᠠᠨ ᠲᠣᠭᠤᠷᠢᠭ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠢᠮᠠᠭᠲᠠ ᠬᠢᠪᠡᠰᠦ ᠵᠣᠬᠢᠬᠤ ᠶᠠᠪᠤᠳᠠᠯ ᠪᠠ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠪᠠ᠃ ᠳᠠᠷᠠᠭᠠᠴᠢ ᠶᠢᠨ ᠠᠯᠬᠤᠮ ᠳᠤ ᠂ ᠠᠤᠬᠠᠨ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠠᠶᠢᠳᠢᠶᠠᠨ ᠲᠣᠭᠤᠷᠢᠭ ᠤᠨ ᠳᠠᠪᠠᠭᠤᠯᠢᠭ ᠦᠢᠯᠡᠳᠦᠯ ᠢ ᠪᠠᠳᠠᠷᠠᠭᠤᠯᠵᠤ᠂ ᠬᠠᠮᠲᠤᠷᠠᠯᠴᠠᠭᠠᠨ ᠤ ᠥᠷᠭᠡᠴᠡ ᠪᠣᠯᠤᠨ ᠭᠦᠨᠴᠡ ᠶᠢ ᠲᠠᠰᠤᠷᠠᠯᠲᠠ ᠦᠭᠡᠢ ᠥᠷᠭᠡᠳᠬᠡᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠴᠢᠨᠠᠷ ᠰᠠᠶᠢᠲᠠᠢ᠂ ᠦᠷᠭᠦᠯᠵᠢᠯᠡᠬᠦᠶᠢᠴᠡ ᠬᠥᠭᠵᠢᠯᠲᠡ ᠶᠢ ᠬᠠᠮᠲᠤᠪᠠᠷ ᠪᠡᠶᠡᠯᠡᠭᠦᠯᠬᠦ ᠶᠢ ᠠᠬᠢᠭᠤᠯᠤᠨ᠎ᠠ ᠭᠡᠪᠡ᠃    ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠴᠢᠶᠤᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠤᠬᠠᠨ ᠬᠤᠰᠢᠭᠤᠨ ᠤ ᠪᠡᠭᠡᠵᠢᠩ ᠤᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号