ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2024/6/27
    6 ᠰᠠᠷ᠎ᠠ ᠶᠢᠨ 25 ᠤ ᠡᠳᠦᠷ᠂ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ  ᠬᠤᠷᠠᠯᠳᠤᠵᠤ᠂ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃
C:\Users\Administrator\Desktop\10.jpg
    ᠬᠤᠷᠠᠯ ᠠᠴᠠ ᠂ ᠰᠢ ᠶᠢᠨ ᠫᠢᠩ ᠶᠡᠷᠦᠩᠬᠡᠶ ᠱᠦᠵᠢ ᠶᠢᠨ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠬᠦᠴᠦᠯᠡᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠷᠠᠯᠵᠢᠶᠠᠴᠢᠨ ᠤᠷᠢᠵᠤ ᠪᠠᠯᠠ  ᠲᠠᠲᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ ᠠᠷᠠᠯᠵᠢᠶᠠᠴᠢᠨ ᠤᠷᠢᠵᠤ ᠪᠠᠯᠠ ᠲᠠᠲᠠᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ︔ ᠪᠥᠬᠦ ᠬᠤᠰᠢᠭᠤᠨ ᠤ 2024 ᠣᠨ ᠤ 1—6 ᠰᠠᠷ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ᠂ 2024 ᠣᠨ ᠤ 1— 6 ᠰᠠᠷ᠎ᠠ ᠶᠢᠨ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
C:\Users\Administrator\Desktop\11.jpg
    ᠬᠤᠷᠠᠯ ᠠᠴᠠ᠂  ᠰᠢ ᠶᠢᠨ ᠫᠢᠩ ᠶᠡᠷᠦᠩᠬᠡᠢ ᠱᠦᠵᠢ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠥᠭᠴᠦ᠂ ᠰᠢᠨ᠎ᠡ ᠴᠠᠭ ᠦᠶ᠎ᠡ ᠰᠢᠨ᠎ᠡ ᠠᠶᠠᠨ ᠤ ᠵᠢᠭᠤᠯᠴᠢᠯᠠᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠤᠯᠴᠠᠨ ᠣᠶᠢᠯᠠᠭᠠᠵᠤ᠂ ᠮᠠᠨ ᠤ ᠬᠤᠰᠢᠭᠤᠨ ᠤ ᠰᠣᠶᠣᠯ ᠢᠷᠭᠡᠨᠰᠢᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠪᠦᠬᠦᠯᠢ ᠴᠣᠭᠴᠠ ᠪᠠᠷ ᠲᠥᠯᠥᠪᠵᠢᠭᠦᠯᠵᠦ᠂ ᠣᠨᠴᠠᠯᠢᠭ ᠢ ᠢᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠥᠪᠡᠷ ᠥᠪᠡᠷ ᠤᠨ ᠣᠨᠴᠠᠯᠢᠭ ᠲᠠᠢ ᠰᠣᠳᠣᠨ ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠤᠨ ᠲᠦᠷᠦᠯ ᠵᠦᠢᠯ ᠪᠣᠯᠤᠨ ᠵᠢᠭᠤᠯᠴᠢᠯᠠᠯ ᠤᠨ ᠦᠢᠯᠡᠳᠬᠦᠨ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠨᠡᠨ ᠬᠦ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ᠂ ᠲᠦᠷᠦ ᠶᠢᠨ ᠪᠤᠳᠤᠯᠭ᠎ᠠ ᠶᠢᠨ ᠶᠣᠰᠣᠭᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠬᠠᠤᠯᠢᠵᠢᠯ ᠤᠨ ᠠᠷᠭ᠎ᠠ ᠵᠠᠮ ᠢ ᠰᠢᠯᠤᠭᠤᠳᠬᠠᠵᠤ᠂ ᠬᠠᠤᠯᠢᠵᠢᠯ ᠤᠨ ᠦᠢᠯᠡᠳᠦᠯ ᠴᠢᠳᠠᠪᠬᠢ ᠶᠢ ᠰᠢᠢᠳᠪᠦᠷᠢᠯᠡᠵᠦ᠂ ᠡᠮᠬᠢ ᠳᠢᠭᠯᠢᠮ ᠢ ᠬᠠᠮᠠᠭᠠᠯᠠᠬᠤ ᠬᠠᠤᠯᠢᠵᠢᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠪᠠ ᠠᠵᠤ ᠦᠢᠯᠡᠰ ᠤᠨ ᠪᠠᠶᠢᠷᠢᠰᠢᠭᠤᠯᠤᠯᠲᠠ ᠲᠠᠢ ᠤᠶᠠᠯᠳᠤᠭᠤᠯᠤᠨ  ᠠᠷᠠᠯᠵᠢᠶᠠᠴᠢᠨ ᠤᠷᠢᠵᠤ ᠪᠠᠯᠠ ᠲᠠᠲᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠂ ᠲᠥᠷᠥᠯ ᠵᠦᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ ᠢᠶᠠᠷ ᠰᠠᠶᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠡᠳ᠋ ᠤᠨ ᠵᠠᠰᠠᠭ ᠤᠨ ᠬᠤᠪᠢ ᠨᠡᠮᠡᠷᠢ ᠪᠠᠷ ᠶᠡᠭᠡ ᠴᠢᠨᠠᠷ ᠰᠠᠶᠢᠲᠠᠶ ᠲᠥᠷᠥᠯ ᠵᠦᠢᠯ ᠢ ᠦᠨᠡᠨ ᠬᠦ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠬᠤ ᠬᠡᠷᠡᠭᠲᠡᠶ  ᠭᠡᠵᠦ ᠱᠠᠭᠠᠷᠳᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ ᠨᠢ ᠪᠦᠬᠦ ᠬᠤᠰᠢᠭᠤᠨ ᠤ ᠠᠮᠤᠷ ᠲᠣᠭᠲᠠᠭᠤᠨ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠡᠩ ᠭᠦᠨᠵᠡᠭᠡᠢ᠂ ᠨᠡᠩ ᠨᠠᠷᠢᠯᠢᠭ᠂ ᠨᠡᠩ ᠪᠣᠳᠠᠲᠠᠢ ᠠᠳᠬᠤᠵᠤ᠂ ᠪᠦᠬᠦ ᠬᠤᠰᠢᠭᠤᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号