ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠰᠢᠷᠢᠰ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠵᠦ᠂ ᠢᠲᠡᠭᠡᠯ ᠪᠢᠰᠢᠷᠡᠯ ᠤᠨ ᠣᠭ ᠰᠠᠨᠠᠭ᠎ᠠ ᠪᠠᠨ ᠤᠯᠠᠮ ᠨᠢᠭᠡ ᠠᠯᠬᠤᠮ ᠤᠯᠠᠮᠵᠢᠯᠠᠨ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢᠶᠠᠨ ᠨᠢᠭᠲᠠᠷᠠᠭᠤᠯᠬᠤ ᠶᠢᠨ ᠲᠥᠯᠥᠭᠡ᠂ 6 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠵᠢᠴᠢ ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ︾ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ 16 ᠨᠡᠷᠡᠰ ᠨᠠᠮ ᠤᠨ ᠡᠭᠦᠷ ᠤᠨ ᠱᠦᠵᠢ ᠪᠣᠯᠤᠨ ᠭᠡᠷ ᠲᠡᠭᠡᠨ ᠪᠠᠶᠢᠭ᠎ᠠ ᠨᠠᠮ ᠤᠨ ᠭᠡᠰᠢᠭᠦᠨ᠂ ᠪᠡᠯᠡᠳᠬᠡᠯ ᠨᠠᠮ ᠤᠨ ᠭᠡᠰᠢᠭᠦᠨ᠂ ᠨᠠᠮ ᠳᠤ ᠣᠷᠣᠬᠤ ᠢᠳᠡᠪᠬᠢᠲᠡᠨ ᠬᠤᠷᠠᠯ ᠳᠤ ᠣᠷᠣᠯᠴᠠᠪᠠ᠃     ᠨᠢᠭᠡᠨ ᠤᠳᠠᠭᠠᠨ ᠤ ᠨᠠᠮ ᠤᠨ ᠬᠢᠴᠢᠶᠡᠯ ᠢ ᠰᠠᠶᠢᠨ  ᠵᠢᠭᠠᠪᠠ᠃ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᡁᠢ ᠵᠢᠶᠦ᠋ᠨ ᠨᠥᠬᠦᠷ ᠳᠡᠷᠭᠡᠳᠡᠬᠢ ᠬᠥᠮᠦᠨ ᠪᠠ ᠳᠡᠷᠭᠡᠳᠡᠬᠢ ᠶᠠᠪᠤᠳᠠᠯ ᠢᠶᠠᠷ ᠢᠶᠠᠨ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠭᠦᠨ ᠭᠦᠨᠵᠡᠭᠡᠶ ᠤᠳᠬ᠎ᠠ ᠠᠭᠤᠯᠭ᠎ᠠ ᠶᠢ ᠠᠮᠢᠳᠤᠯᠢᠭ ᠦᠭᠡ ᠬᠡᠯᠡ ᠪᠠᠷ ᠲᠣᠳᠣᠷᠬᠠᠶᠢᠯᠠᠨ ᠥᠭᠦᠯᠡᠵᠦ᠂ ᠪᠥᠬᠦ ᠨᠠᠮ ᠤᠨ ᠭᠡᠰᠢᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠣᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ ᠭᠡᠵᠦ ᠤᠷᠢᠶᠠᠯᠠᠪᠠ᠃    ᠨᠢᠭᠡ ᠪᠦᠯᠦᠭ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠪᠠ᠃ 11 ᠰᠢᠯᠢᠳᠡᠭ ᠡᠪ ᠬᠠᠮᠲᠤ ᠨᠠᠮ ᠤᠨ ᠭᠡᠰᠢᠭᠦᠨ᠂ 6 ᠰᠢᠯᠢᠳᠡᠭ ᠨᠠᠮ ᠤᠨ ᠠᠵᠢᠯᠳᠠᠨ᠂ 4 ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠬᠢᠭᠦᠯᠪᠡ᠃ ᠱᠠᠩᠨᠠᠯ ᠬᠦᠷᠲᠡᠭᠰᠡᠳ ᠪᠣᠯᠤᠨ ᠵᠣᠬᠢᠶᠠᠨ ᠪᠠᠶᠢᠭᠤᠯᠤᠯᠲᠠ ᠠᠴᠠ ᠢᠯᠡᠷᠬᠡᠶᠢᠯᠡᠭᠰᠡᠨ ᠨᠢ᠂ ᠢᠷᠠᠭᠤ ᠠᠯᠳᠠᠷ ᠢᠶᠠᠨ ᠨᠠᠨᠳᠢᠩᠨᠠᠵᠤ᠂  ᠤᠯᠠᠮ ᠢᠯᠡᠭᠦᠦ ᠴᠢᠷᠮᠠᠶᠢᠵᠤ᠂ ᠨᠠᠮ ᠤᠨ ᠡᠭᠦᠷ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠠᠬᠢ ᠤᠯᠤᠰ ᠲᠦᠷᠦ ᠶᠢᠨ ᠭᠤᠣᠯᠯᠠᠭᠴᠢ ᠪᠠ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ ᠭᠡᠪᠡ᠃   ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠨᠢᠭᠡ ᠤᠳᠠᠭ᠎ᠠ ᠤᠩᠰᠢᠪᠠ᠃ ᠲᠠᠩᠭᠠᠷᠢᠭᠯᠠᠭᠴᠢᠳ ᠤᠨ ᠳᠠᠭᠠᠭᠤᠯᠭ᠎ᠠ ᠳᠣᠤᠷ᠎ᠠ᠂ ᠣᠯᠠᠨ ᠢᠶᠠᠷ ᠢᠶᠠᠨ ᠪᠠᠷᠠᠭᠤᠨ ᠨᠢᠳᠤᠷᠭ᠎ᠠ ᠪᠠᠨ ᠥᠨᠳᠥᠷ  ᠡᠷᠭᠦᠵᠦ᠂ ᠬᠠᠮᠲᠤ ᠪᠠᠷ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠤᠩᠰᠢᠪᠠ᠃  ᠤᠷᠮ᠎ᠠ ᠵᠣᠷᠢᠭ ᠬᠦᠭᠵᠢᠨ ᠪᠠᠳᠠᠷᠠᠨ ᠲᠠᠩᠭᠠᠷᠢᠭᠯᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠬᠠᠶᠢᠷᠠᠲᠠᠶ᠂ ᠠᠵᠢᠯ ᠦᠢᠯᠡᠰ ᠲᠡᠭᠡᠨ ᠢᠲᠡᠭᠡᠯ ᠵᠣᠷᠢᠭ  ᠲᠠᠢ ᠪᠠᠶᠢᠭ᠎ᠠ ᠪᠠᠨ ᠢᠯᠡᠳᠬᠡᠵᠡᠢ᠃    ᠵᠣᠬᠢᠶᠠᠨ ᠪᠠᠶᠢᠭᠤᠯᠤᠯᠲᠠ ᠶᠢᠨ ᠵᠠᠬᠢᠶ᠎ᠠ ᠶᠢ ᠨᠢᠭᠡ ᠰᠤᠨᠤᠰᠪᠠ᠃ ᠨᠠᠮ ᠤᠨ ᠬᠤᠷᠢᠶᠠᠨ ᠤ ᠳᠡᠳ᠋ ᠱᠦᠵᠢ ᠸᠠᠨ ᠴᠢᠦ ᠯᠢᠩ ᠨᠥᠬᠦᠷ ᠨᠠᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠵᠦ᠂ ︽ᠵᠣᠭᠰᠣᠴᠠ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂   ︿ᠬᠠᠮᠤᠭ ᠤᠨ ᠶᠡᠭᠡ ᠠᠵᠢᠯ ᠤᠨ ᠪᠦᠲᠦᠮᠵᠢ ﹀ ᠶᠢ ᠰᠢᠯᠢᠳᠡᠭᠵᠢᠭᠦᠯᠦᠨ᠎ᠡ︔ ᠤᠯᠤᠰ ᠲᠥᠷᠥ ᠪᠠᠷ ᠮᠠᠩᠯᠠᠶᠢᠯᠠᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ ᠶᠢ ᠪᠠᠲᠤ ᠴᠣᠭᠴᠠᠯᠠᠨ᠎ᠠ︔ ᠰᠠᠭᠤᠷᠢ ᠶᠢ ᠪᠠᠲᠤᠳᠬᠠᠨ ᠦᠨᠳᠦᠰᠦ ᠶᠢ  ᠪᠠᠬᠢᠵᠢᠭᠦᠯᠵᠦ᠂ ᠪᠠᠲᠤ ᠴᠢᠩᠭ᠎ᠠ ᠪᠠᠬᠢᠯᠡᠯᠲᠡ ᠶᠢ ᠴᠣᠭᠴᠠᠯᠠᠬᠤ︾ ᠵᠡᠷᠭᠡ ᠲᠦᠷᠪᠡᠨ ᠲᠠᠯ᠎ᠠ ᠠᠴᠠ ᠡᠯ᠎ᠡ ᠨᠠᠮ ᠤᠨ ᠡᠭᠦᠷ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠪᠠ᠃    ᠨᠢᠭᠡ ᠪᠦᠯᠦᠭ ᠨᠠᠮ ᠤᠨ ᠬᠡᠰᠢᠭᠦᠨ ᠳᠤ ᠰᠦᠯᠳᠡ ᠲᠡᠮᠳᠡᠭ  ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ᠤᠨ ᠳᠡᠪᠲᠡᠷ ᠪᠡᠯᠡᠭᠯᠡᠪᠡ᠃ ᠶᠡᠭᠡ ᠬᠤᠷᠠᠯ ᠠᠴᠠ ᠰᠢᠨ᠎ᠡ ᠨᠠᠮ ᠤᠨ ᠭᠡᠰᠢᠭᠦᠨ ᠳᠤ ᠨᠠᠮ ᠤᠨ ᠭᠡᠰᠢᠭᠦᠨ ᠤ ᠰᠦᠯᠳᠡ ᠲᠡᠮᠳᠡᠭ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ ᠢ ᠪᠡᠯᠡᠭᠯᠡᠭᠰᠡᠨ ᠡᠨᠡᠬᠦ ᠲᠥᠪ ᠬᠢᠴᠢᠶᠡᠩᠭᠦᠢ ᠪᠥᠭᠡᠳ ᠠᠷᠢᠭᠤᠨ ᠲᠠᠷᠬᠠᠨ ᠠᠵᠢᠯᠯᠠᠭ᠎ᠠ ᠨᠢ ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢ ᠨᠤᠲᠠᠯᠠᠭᠰᠠᠨ ᠢᠶᠠᠷ ᠪᠠᠷᠠᠬᠤ ᠦᠭᠡᠢ᠂ ᠨᠡᠩ ᠴᠤ ᠨᠠᠮ ᠤᠨ ᠵᠣᠬᠢᠶᠠᠨ ᠪᠠᠶᠢᠭᠤᠯᠤᠯᠲᠠ ᠠᠴᠠ ᠨᠠᠮ ᠤᠨ ᠭᠡᠰᠢᠭᠦᠳ ᠲᠤ ᠥᠭᠭᠦᠭᠰᠡᠨ ᠭᠦᠨ ᠵᠤᠵᠠᠭᠠᠨ ᠬᠠᠯᠠᠮᠵᠢᠯᠠᠯ ᠪᠠ ᠬᠦᠰᠡᠯ ᠡᠷᠡᠮᠡᠯᠵᠡᠯ ᠪᠣᠯᠤᠨ᠎ᠠ᠃    ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ ᠨᠢ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠪᠦᠬᠦ ᠨᠠᠮ ᠤᠨ ᠭᠡᠰᠢᠭᠦᠨ ᠤ ᠵᠣᠷᠢᠭ ᠰᠠᠨᠠᠭ᠎ᠠ ᠶᠢ ᠨᠢᠭᠡ ᠤᠳᠠᠭ᠎ᠠ ᠠᠷᠢᠭᠤᠳᠬᠠᠵᠤ᠂ ᠨᠠᠮ ᠤᠨ ᠭᠡᠰᠢᠭᠦᠨ ᠨᠢᠭᠡᠪᠦᠷᠢ ᠶᠢᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠪᠣᠯᠤᠨ ᠠᠷᠠᠳ ᠲᠦᠮᠡᠨ ᠤ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠵᠤ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号