ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2024/6/28
          6 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ  ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃
C:\Users\Administrator\Desktop\10.jpg
    ᠬᠤᠷᠠᠯ ᠠᠴᠠ 5 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ  ᠶᠡᠷᠦᠩᠬᠡᠶ ᠱᠦᠵᠢ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠣᠶᠢᠯᠠᠭᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ᠬᠤᠷᠠᠯ ᠳᠤ ᠣᠷᠣᠯᠴᠠᠭᠰᠠᠨ ᠬᠡᠰᠡᠭ ᠤᠳᠤᠷᠢᠳᠤᠯᠭ᠎ᠠ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠂  ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠤᠬᠠᠨ ᠤ ᠬᠥᠭᠵᠢᠯᠲᠡ ᠶᠢᠨ ᠪᠣᠳᠠᠲᠠᠢ ᠳᠤ ᠨᠡᠶᠢᠴᠡᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠷᠴᠢᠨ ᠤ ᠡᠯᠡᠰᠦ ᠶᠢ ᠲᠦᠢᠯᠪᠦᠷᠢᠲᠡᠢ ᠵᠠᠰᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠪᠡᠭᠡᠵᠢᠩ ᠲᠢᠶᠠᠨᠵᠢᠨ ᠾᠧᠪᠧᠢ ᠵᠡᠷᠭᠡ ᠬᠠᠮᠵᠢᠯᠴᠠᠨ ᠬᠥᠭᠵᠢᠬᠦ ᠣᠷᠣᠨ ᠪᠦᠰᠡ ᠪᠠ ᠳᠡᠳ᠋ ᠭᠠᠷᠠᠮ ᠬᠠᠪᠢᠳᠠᠬᠤ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠤᠨ᠂ ᠠᠵᠤ ᠦᠢᠯᠡᠰ᠂ ᠲᠥᠷᠥᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠨᠡᠶᠢᠯᠡᠯᠲᠡ ᠶᠢᠨ ᠴᠡᠭ ᠢ ᠣᠨᠣᠪᠴᠢᠲᠠᠶ ᠣᠯᠵᠤ᠂ ᠠᠷᠠᠯᠵᠢᠶᠠᠴᠢᠨ ᠤᠷᠢᠵᠤ ᠪᠠᠯᠠ ᠲᠠᠲᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠮᠠᠨ ᠤ ᠬᠤᠰᠢᠭᠤᠨ ᠤ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠬᠢᠨᠠᠨ ᠬᠡᠮᠵᠢᠬᠦ᠂ ᠢᠯᠭᠠᠨ ᠲᠠᠨᠢᠬᠤ᠂ ᠤᠷᠢᠳᠴᠢᠯᠠᠨ ᠰᠡᠷᠡᠮᠵᠢᠯᠡᠭᠦᠯᠬᠦ᠂ ᠰᠢᠢᠳᠪᠦᠷᠢᠯᠡᠬᠦ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ  ᠶᠢ ᠠᠬᠢᠭᠤᠯᠵᠤ᠂ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ︽ᠶᠠᠭᠤ ᠶᠢ  ᠶᠠᠷᠢᠬᠤ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠦᠢᠮᠣ ᠣᠨᠣᠯ︾ ᠵᠡᠷᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠲᠦᠷᠭᠡᠨ ᠨᠡᠭᠡᠭᠡᠬᠦ ᠶᠢ ᠠᠬᠢᠭᠤᠯᠵᠤ᠂ ᠨᠠᠮ ᠤᠨ ᠲᠡᠦᠬᠡ ᠪᠠᠷ ᠭᠤᠣᠯᠳᠠᠯᠭ᠎ᠠ ᠪᠣᠯᠭᠠᠭᠰᠠᠨ ︽ᠲᠦᠷᠪᠡᠨ ᠲᠡᠦᠬᠡ︾ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠤᠯᠠᠨ ᠰᠤᠷᠤᠭᠴᠢᠳ ᠤᠨ ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠤ ᠤᠯᠤᠰ ᠢᠶᠠᠨ ᠬᠠᠶᠢᠷᠠᠯᠠᠬᠤ ᠶᠢ ᠬᠦᠳᠦᠯᠦᠨ ᠵᠢᠯᠣᠭᠤᠳᠴᠤ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠃ ︽ᠶᠠᠭᠠᠬᠢᠵᠤ ᠶᠠᠷᠢᠬᠤ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠢᠯᠪᠠᠷ ᠣᠶᠢᠯᠠᠭᠠᠮᠵᠢᠲᠠᠶ᠂ ᠪᠠᠷᠢᠮᠵᠢᠶ᠎ᠠ ᠨᠢᠭᠡᠳᠦᠯᠲᠡᠶ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠣᠨᠤᠭ᠂ ᠲᠠᠶᠢᠯᠪᠤᠷᠢᠯᠠᠯᠲᠠ ᠶᠢ ᠴᠠᠭ ᠲᠤᠬᠠᠶ ᠳᠤᠨᠢ ᠭᠠᠷᠭᠠᠵᠤ᠂ ᠬᠢᠴᠢᠶᠡᠯ ᠢ ᠰᠤᠷᠤᠭᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ ᠪᠠ ᠠᠮᠢᠳᠤᠷᠠᠯ ᠤᠨ ᠪᠣᠳᠠᠲᠤ ᠪᠠᠶᠢᠳᠠᠯ ᠲᠠᠢ ᠨᠠᠩ ᠣᠶᠢᠷᠠᠲᠤᠭᠤᠯᠬᠤ ᠬᠡᠷᠡᠭᠲᠡᠶ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ ᠂ ︽ᠦᠵᠡᠯ ᠰᠠᠨᠠᠭ᠎ᠠ ᠤᠯᠤᠰ ᠲᠥᠷᠥ ᠶᠢᠨ ᠪᠠᠭ᠎ᠠ ᠬᠢᠴᠢᠶᠡᠯ ᠤᠨ ᠲᠠᠩᠬᠢᠮ︾ ᠪᠠ ︽ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ︾ ᠢ ᠤᠶᠠᠯᠳᠤᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ᠂ ᠣᠨᠣᠯ ᠤᠨ ᠤᠬᠠᠭᠤᠯᠭ᠎ᠠ᠂ ᠨᠡᠶᠢᠭᠡᠮ ᠤᠨ ᠪᠠᠶᠢᠴᠠᠭᠠᠨ ᠰᠤᠳᠤᠯᠤᠯᠲᠠ ᠬᠢᠬᠦ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠲᠡᠤᠬᠡ ᠶᠢᠨ ᠡᠭᠦᠷᠭᠡᠲᠦ ᠰᠡᠳᠬᠢᠯᠭᠡ ᠶᠢ ᠶᠡᠭᠡ ᠪᠠᠷ ᠬᠥᠮᠦᠵᠢᠭᠦᠯᠵᠦ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ ᠶᠢ ᠪᠠᠲᠤ ᠪᠣᠶ  ᠪᠣᠯᠭᠠᠬᠤ ᠬᠡᠷᠡᠭᠲᠡᠢ᠃ ︽ᠬᠡᠨ ᠶᠠᠷᠢᠬᠤ︾ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠤᠯᠤᠰ ᠲᠦᠷᠦ ᠶᠢᠨ ᠪᠣᠭᠤᠮᠲᠠ᠂ ᠪᠠᠭᠰᠢ ᠶᠢᠨ ᠶᠣᠰᠣ ᠮᠣᠷᠠᠯ ᠤᠨ ᠪᠣᠭᠤᠮᠲᠠ᠂ ᠲᠤᠬᠠᠶᠢᠯᠠᠭᠰᠠᠨ ᠠᠵᠢᠯ ᠤᠨ ᠪᠣᠭᠤᠮᠲᠠ ᠶᠢ ᠴᠢᠩᠭ᠎ᠠ ᠠᠳᠬᠤᠵᠤ᠂ ᠵᠢᠭᠠᠨ ᠰᠤᠷᠭᠠᠯᠲᠠ ᠶᠢ ᠤᠷᠢᠳ ᠢᠶᠠᠷ ᠦᠨᠡᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠬᠠᠶᠢᠷ᠎ᠠ ᠰᠡᠳᠬᠢᠯᠭᠡ ᠭᠦᠨ ᠭᠦᠨᠵᠡᠭᠡᠢ᠂ ᠰᠡᠳᠬᠢᠬᠦᠢ ᠰᠢᠨ᠎ᠡ᠂ ᠬᠠᠷᠠᠭᠠᠰᠤ ᠥᠷᠭᠡᠨ᠂ ᠪᠡᠶ᠎ᠡ ᠪᠠᠨ ᠴᠢᠩᠭ᠎ᠠ ᠱᠠᠭᠠᠷᠳᠠᠬᠤ᠂ ᠵᠠᠩ ᠴᠢᠨᠠᠷ ᠲᠥᠪ ᠭᠤᠣᠯᠴᠢ ᠪᠠᠶᠢᠬᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠤᠳᠤᠷᠢᠳᠬᠤ ᠺᠠᠳ᠋ᠷ᠂ ᠲᠤᠰᠬᠠᠶ ᠮᠡᠷᠭᠡᠵᠢᠯ ᠤᠨ ᠭᠤᠤᠯᠯᠠᠭᠴᠢ ᠬᠦᠴᠦᠨ᠂ ᠲᠡᠷᠢᠭᠦᠨ ᠤ ᠵᠢᠱᠢᠶᠡᠴᠢ ᠵᠡᠷᠭᠡ ᠡᠯ᠎ᠡ ᠲᠠᠯ᠎ᠠ ᠶᠢᠨ ᠬᠦᠴᠦᠨ ᠤ ᠬᠢᠴᠢᠶᠡᠯ ᠤᠨ ᠲᠠᠪᠴᠠᠩ ᠳᠤ ᠭᠠᠷᠬᠤ ᠶᠢ ᠢᠳᠡᠪᠬᠢᠲᠡᠶ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠠᠮᠢᠳᠤᠯᠢᠭ ᠰᠠᠶᠢᠬᠠᠨ ᠶᠠᠷᠢᠵᠤ᠂ ᠰᠤᠷᠤᠭᠴᠢᠳ ᠤᠨ ᠦᠵᠡᠯ ᠰᠠᠨᠠᠭᠠᠨ ᠤ ᠬᠠᠮᠲᠤ ᠶᠢᠨ ᠬᠦᠷᠢᠶᠡᠯᠡᠯ ᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠵᠦ᠂ ᠶᠠᠭᠠᠬᠢᠭᠰᠠᠨ ᠴᠤ ᠬᠡᠯᠪᠡᠷᠢ ᠶᠢᠨ ᠲᠡᠳᠦᠢ ᠬᠢᠵᠦ᠂ ᠬᠠᠰᠢ ᠶᠠᠰᠢ ᠪᠠᠷ ᠥᠩᠭᠡᠷᠡᠭᠦᠯᠬᠦ ᠦᠭᠡᠢ ᠪᠠᠶᠢᠵᠤ᠂ ᠦᠨᠡᠨ ᠬᠦ ᠬᠦᠴᠦ ᠣᠷᠣᠭᠤᠯᠵᠤ᠂ ᠬᠠᠲᠠᠭᠤ ᠬᠦᠴᠦ ᠣᠷᠣᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠦᠨᠡᠨ ᠬᠦ ᠪᠡᠶᠡᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠵᠠᠩᠭᠢᠯᠠᠭ᠎ᠠ ᠶᠢᠨ ᠴᠥᠭᠡᠨ ᠲᠣᠭᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠱᠦᠵᠢ ᠶᠢᠨ ᠨᠠᠮ ᠤᠨ ᠬᠢᠴᠢᠶᠡᠯ ᠣᠷᠣᠬᠤ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ ︽ᠲᠦᠷᠢᠮ︾ ᠢ ᠰᠤᠷᠤᠯᠴᠠᠭᠤᠯᠵᠤ ᠂ ︽ᠲᠦᠷᠢᠮ︾ ᠢ ᠰᠠᠬᠢᠵᠤ᠂ ︽ᠲᠦᠷᠢᠮ︾ ᠢ ᠬᠡᠷᠡᠭᠯᠡᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠲᠠᠢ ᠪᠣᠯᠭᠠᠬᠤ ᠬᠡᠷᠡᠭᠲᠡᠶ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠭ᠎ᠠ ᠶᠢ ᠲᠡᠳᠬᠦᠬᠦ ᠠᠵᠢᠯ ᠢ ᠰᠠᠶᠢᠲᠤᠷ ᠠᠳᠬᠤᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠬᠦ᠂ ᠳᠡᠷᠭᠡᠳᠡᠬᠢ ᠬᠡᠷᠡᠭ ᠢᠶᠠᠷ ᠳᠡᠷᠭᠡᠳᠡᠬᠢ ᠬᠥᠮᠦᠰ ᠢᠶᠠᠨ ᠰᠡᠷᠡᠮᠵᠢᠯᠡᠭᠦᠯᠬᠦ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠠᠷᠢᠴᠠᠭᠤᠯᠤᠨ ᠪᠠᠶᠢᠴᠠᠭᠠᠨ ᠦᠵᠡᠬᠦ᠂ ᠥᠪᠡᠷ ᠢ ᠪᠠᠨ ᠴᠢᠩᠭ᠎ᠠ ᠱᠠᠭᠠᠷᠳᠠᠬᠤ ᠶᠢ ᠪᠠᠷᠢᠮᠲᠠᠯᠠᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨ ᠬᠦ ᠨᠠᠮ ᠤᠨ ᠭᠡᠰᠢᠭᠦᠨ ᠤ ᠬᠥᠮᠦᠵᠢᠯ ᠬᠦᠷᠳᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠪᠣᠳᠠᠲᠠᠢ ᠠᠰᠢᠭ ᠬᠦᠷᠳᠡᠬᠦ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号