ᠮᠠᠨᠢᠬᠠᠨ ᠰᠢᠶᠠᠩ ᠤᠨ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ ᠶᠢᠨ ︽1+3︾  ᠵᠠᠭᠪᠤᠷ ᠢᠶᠠᠷ ᠣᠯᠠᠨ ᠲᠦᠮᠡᠨ ᠳᠤ ᠦᠢᠯᠡᠴᠢᠯᠡᠬᠦ ᠰᠢᠨ᠎ᠡ ᠠᠷᠭ᠎ᠠ ᠵᠠᠮ ᠢᠶᠠᠨ ᠥᠷᠭᠡᠳᠬᠡᠪᠡ
ᠨᠡᠶᠢᠲᠡᠯᠡᠭᠰᠡᠨ ᠴᠠᠭ᠄
2024/6/3
    ᠤᠢᠢᠷ᠎ᠠ ᠶᠢᠨ ᠵᠢᠯ ᠠᠴᠠ᠂ ᠮᠠᠨᠢᠬᠠᠨ ᠰᠢᠶᠠᠩ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ ᠶᠢᠨ ︽1 + 3︾ ᠤᠯᠠᠨ ᠲᠦᠮᠡᠨ ᠳᠤ ᠦᠢᠯᠡᠴᠢᠯᠡᠬᠦ ᠰᠢᠨ᠎ᠡ ᠵᠠᠭᠪᠤᠷ ᠤᠨ ᠰᠢᠨ᠎ᠡ ᠶᠢ ᠡᠭᠦᠳᠦᠨ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ︽ᠪᠢᠴᠢᠯ ᠲᠣᠣᠷᠵᠢᠯ︾ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ︽ᠠᠷᠠᠳ ᠤᠨ ᠠᠮᠢᠳᠤᠷᠠᠯ︾ ᠢ ᠪᠠᠲᠤᠯᠠᠵᠤ᠂ ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ︾ ᠶᠢ ᠤᠯᠠᠨ ᠲᠦᠮᠡᠨ ᠲᠠᠢ ᠬᠠᠷᠢᠯᠴᠠᠬᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ︽ᠰᠡᠳᠬᠢᠯ ᠢ ᠳᠤᠯᠠᠭᠠᠴᠠᠭᠤᠯᠬᠤ ᠬᠥᠭᠦᠷᠭᠡ︾ ᠪᠣᠯᠭᠠᠪᠠ᠃    ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ + ᠦᠵᠡᠯ ᠰᠠᠨᠠᠭᠠᠨ ᠤ ᠪᠠᠶᠢᠭᠤᠯᠤᠯᠲᠠ︾ ᠶᠢᠨ ᠰᠠᠭᠤᠷᠢ ᠶᠢ ᠪᠠᠲᠤᠳᠬᠠᠪᠠ᠃ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ ᠲᠠᠢ ᠬᠠᠷᠢᠯᠴᠠᠬᠤ ᠳᠤ ᠳᠥᠭᠦᠮ ᠳᠥᠲᠡ᠂ ᠴᠠᠭ ᠤᠨ ᠠᠮᠢᠳᠤᠯᠢᠭ ᠪᠠᠶᠢᠬᠤ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠵᠡᠷᠭᠡ ᠰᠤᠷᠤᠯᠴᠠᠯᠭ᠎ᠠ ᠶᠢᠨ ᠠᠵᠢᠯᠯᠠᠭ᠎ᠠ ᠶᠢ 20 ᠭᠠᠷᠤᠢ ᠲᠠᠯᠠᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠶᠠᠩᠵᠤ ᠶᠢᠨ ᠬᠡᠯᠪᠡᠷᠢ ᠲᠠᠢ᠂ ᠤᠯᠠᠨ ᠲᠦᠮᠡᠨ ᠲᠠᠢ ᠣᠶᠢᠷᠠᠲᠤᠭᠰᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 40 ᠭᠠᠷᠤᠢ ᠤᠳᠠᠭ᠎ᠠ ᠡᠷᠬᠢᠯᠡᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠤ ᠤᠯᠠᠨ ᠲᠦᠮᠡᠨ ᠳᠤ ᠳᠠᠮᠵᠢᠭᠤᠯᠪᠠ᠃ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ ᠶᠢ ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠬᠤ᠂ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠬᠤ ︽ᠶᠠᠷᠢᠶᠠᠨ ᠤ ᠲᠠᠩᠬᠢᠮ︾ ᠪᠣᠯᠤᠨ ᠨᠠᠮ ᠤᠨ ᠭᠡᠰᠢᠭᠦᠨ ᠤᠯᠠᠨ ᠲᠦᠮᠡᠨ ᠤ ᠰᠤᠷᠤᠯᠴᠠᠨ ᠳᠡᠭᠡᠭᠰᠢᠯᠡᠭᠦᠯᠬᠦ ︽ᠲᠤᠰᠤ ᠨᠡᠮᠡᠬᠦ ᠦᠷᠳᠡᠭᠡ︾ ᠪᠣᠯᠭᠠᠨ  ᠪᠠᠶᠢᠭᠤᠯᠪᠠ᠃    ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ + ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠰᠢᠯᠢᠳᠡᠭ ᠦᠢᠯᠡᠴᠢᠯᠡᠭᠡ ᠶᠢ ᠰᠢᠯᠢᠳᠡᠭᠵᠢᠭᠦᠯᠪᠡ᠃ ᠪᠦᠬᠦ ᠰᠢᠶᠠᠩ ᠢᠶᠠᠷ ᠢᠶᠠᠨ 52 ᠨᠡᠷᠡᠰ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ ᠶᠢ ᠰᠣᠩᠭᠤᠨ ᠭᠠᠷᠭᠠᠵᠤ᠂ ᠱᠠᠳᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠨᠠᠮ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠲᠦᠷᠦᠭᠦᠯᠡᠬᠦ᠂ ᠤᠯᠠᠨ ᠲᠦᠮᠡᠨ ᠥᠷᠭᠡᠨ ᠢᠶᠠᠷ ᠣᠷᠣᠯᠴᠠᠬᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠪᠠᠶᠢᠷᠢᠰᠢᠯ ᠢ ᠪᠤᠢ ᠪᠣᠯᠭᠠᠨ᠎ᠠ᠃ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠳᠣᠲᠣᠷ᠎ᠠ ᠬᠤᠭᠤᠰᠣᠨ  ᠡᠷᠦᠬᠡ᠂ ᠭᠠᠭᠴᠠᠭᠠᠷ ᠰᠠᠭᠤᠭᠴᠢ ᠂ ᠥᠨᠥᠴᠢᠨ ᠪᠡᠯᠪᠡᠰᠦᠨ ᠪᠠ ᠵᠡᠮᠳᠡᠭ ᠣᠯᠠᠨ ᠲᠦᠮᠡᠨ ᠲᠠᠢ ᠬᠤᠯᠪᠤᠭᠠᠯᠠᠵᠤ᠂ ᠨᠠᠶᠢᠵᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠡᠳᠬᠢᠯ ᠤᠨ ᠦᠭᠡ ᠪᠠᠨ ᠶᠠᠷᠢᠯᠴᠠᠵᠤ᠂ ᠣᠲᠣ ᠪᠣᠯᠲᠠᠯ᠎ᠠ᠂ ᠡᠯ᠎ᠡ ᠲᠥᠷᠥᠯ ᠤᠨ ᠦᠢᠯᠡᠴᠢᠯᠡᠭᠡᠨ ᠤ ᠠᠵᠢᠯᠯᠠᠭ᠎ᠠ ᠶᠢ 120 ᠭᠠᠷᠤᠶ ᠤᠳᠠᠭ᠎ᠠ ᠥᠷᠨᠢᠭᠦᠯᠪᠡ᠃    ︽ᠨᠠᠮ ᠤᠨ  ᠬᠡᠰᠢᠭᠦᠨ ᠤ ᠵᠢᠱᠢᠶ᠎ᠡ ᠦᠵᠡᠭᠦᠯᠬᠦ ᠡᠷᠦᠬᠡ + ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ︾ ᠵᠥᠷᠢᠴᠡᠯ ᠵᠢᠭᠤᠷᠠᠯᠳᠤᠭᠠᠨ ᠢ ᠡᠶᠡᠳᠡᠭᠦᠯᠪᠡ᠃ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ ᠶᠢᠨ ᠳᠣᠲᠣᠷ᠎ᠠ ᠠᠴᠠ 30 ᠨᠠᠮ ᠤᠨ ᠬᠡᠰᠢᠭᠦᠳ ᠢ ᠰᠣᠩᠭᠤᠨ ᠤᠷᠢᠵᠤ ︽ᠬᠤᠪᠢᠰᠬᠠᠯ ᠤᠨ ᠬᠠᠷᠠᠭᠤᠯ︾ ᠤᠨ ᠲᠤᠰᠢᠶᠠᠯ ᠢ ᠡᠭᠦᠷᠭᠡᠯᠡᠭᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠷᠦᠬᠡ ᠳᠤ ᠣᠷᠤᠬᠤ ᠪᠠᠷ ᠳᠠᠮᠵᠢᠭᠤᠯᠤᠨ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠴᠠᠭ ᠲᠤᠬᠠᠶ ᠳᠤᠨᠢ ᠢᠯᠡᠷᠡᠭᠦᠯᠵᠦ᠂ ᠰᠢᠰᠲ᠋ᠧᠮ ᠲᠠᠢ ᠪᠠᠷ ᠤᠷᠢᠳᠴᠢᠯᠠᠨ ᠰᠡᠷᠭᠡᠶᠢᠯᠡᠵᠦ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠵᠤ᠂ ᠵᠢᠯ ᠤᠨ ᠡᠬᠢᠨ ᠠᠴᠠ ᠨᠠᠰᠢ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 43 ᠤᠳᠠᠭ᠎ᠠ ᠡᠶᠡᠳᠡᠭᠦᠯᠵᠦ᠂ 115 ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠣᠯᠠᠨ ᠲᠦᠮᠡᠨ ᠤ ᠬᠤᠭᠤᠷᠣᠨᠳᠣᠬᠢ ᠵᠥᠷᠢᠴᠡᠯ ᠵᠢᠭᠤᠷᠠᠯᠳᠤᠭᠠᠨ ᠢ 100% ᠪᠠᠷ ᠲᠣᠬᠢᠲᠠᠶ ᠰᠢᠢᠳᠪᠦᠷᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号