ᠠᠤᠬᠠᠨ ᠬᠤᠰᠢᠭᠤᠨ ᠤ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠮᠢᠭᠮᠡᠨ ᠰᠢᠲᠠᠷ᠎ᠠ ᠶᠢᠨ ᠤᠷᠤᠯᠳᠤᠭᠠᠨ ᠦᠷᠨᠢᠭᠦᠯᠪᠡ
ᠨᠡᠶᠢᠲᠡᠯᠡᠭᠰᠡᠨ ᠴᠠᠭ᠄
2024/6/5
     ᠪᠠᠭᠠᠴᠤᠳ ᠬᠡᠦᠬᠡᠳ ᠤᠨ ᠮᠢᠭᠮᠡᠨ ᠰᠢᠲᠠᠷ᠎ᠠ ᠶᠢᠨ ᠳᠤᠷ᠎ᠠ ᠪᠠᠬ᠎ᠠ ᠶᠢ ᠬᠥᠭᠵᠢᠭᠡᠵᠦ᠂ ᠣᠨᠴᠠᠭᠠᠢ ᠰᠣᠶᠣᠯ ᠤᠨ ᠷᠢᠳᠢ ᠰᠢᠳᠢ ᠶᠢ ᠢᠯᠡᠷᠡᠭᠦᠯᠬᠦ ᠶᠢᠨ ᠲᠥᠯᠥᠭᠡ᠂ ᠰᠢᠨ ᠾᠦᠢ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ 6 ᠰᠠᠷ᠎ᠠ ᠶᠢᠨ 4 ᠤ ᠡᠳᠦᠷ ᠮᠢᠭᠮᠡᠨ ᠰᠢᠲᠠᠷ᠎ᠠ ᠶᠢᠨ  ᠤᠷᠤᠯᠳᠤᠭᠠᠨ ᠬᠢᠪᠡ᠃        ᠤᠷᠤᠯᠳᠤᠭᠠᠨ ᠤ ᠶᠠᠪᠤᠴᠠ ᠳᠤ᠂ ᠪᠢᠴᠢᠬᠠᠨ ᠰᠢᠳᠡᠷᠡᠴᠢᠨ ᠨᠠᠷᠢᠨ ᠬᠢᠨᠠᠮᠠᠭᠠᠶ ᠪᠣᠳᠣᠯᠬᠢᠯᠠᠵᠤ᠂ ᠰᠢᠲᠠᠷ᠎ᠠ ᠶᠢ ᠯᠠᠪᠳᠠᠭᠤᠨ ᠲᠣᠭᠲᠠᠭᠤᠨ ᠢᠶᠠᠷ ᠠᠵᠢᠭᠯᠠᠵᠤ᠂ ᠠᠯᠬᠤᠮ ᠪᠦᠷᠢ ᠶᠢ ᠪᠣᠯᠭᠤᠮᠵᠢᠲᠠᠶ ᠳᠣᠭᠲᠠᠭᠠᠨ᠎ᠠ᠃ ᠤᠷᠤᠯᠳᠤᠭᠠᠨ ᠤ ᠲᠠᠯᠠᠪᠤᠷ ᠨᠢ ᠦᠵᠡᠬᠦ ᠳᠤ ᠲᠠᠶᠢᠪᠤᠭᠤ ᠰᠢᠭ᠋ ᠪᠣᠯᠪᠠᠴᠤ ᠰᠢᠲᠠᠷ᠎ᠠ ᠶᠢᠨ ᠬᠥᠯᠭᠡ ᠳᠡᠭᠡᠷᠡᠬᠢ ᠥᠷᠢᠰᠥᠯᠳᠦᠭᠡᠨ ᠨᠢ ᠬᠠᠷᠢᠨ ᠣᠨᠴᠠᠭᠠᠶ ᠬᠤᠷᠴᠠ ᠰᠢᠷᠦᠭᠦᠨ ᠪᠠᠶᠢᠵᠤ᠂ ᠪᠢᠴᠢᠬᠠᠨ ᠰᠢᠲᠠᠷᠠᠴᠢᠳ ᠣᠶᠤᠨ ᠰᠠᠨᠠᠭᠠᠨ ᠤ ᠬᠡᠪ ᠨᠠᠮᠪᠠ ᠪᠠᠨ ᠠᠳᠠᠯᠢᠳᠬᠠᠬᠤ ᠶᠢᠨ ᠬᠠᠮᠲᠤ᠂ ᠲᠡᠳᠡᠨ ᠤ ᠲᠠᠷᠢᠬᠢ ᠲᠣᠯᠣᠭᠠᠶ ᠪᠠᠨ ᠬᠥᠳᠡᠯᠭᠡᠨ ᠴᠢᠳᠠᠮᠠᠭᠠᠶ ᠪᠠᠷ ᠰᠡᠳᠬᠢᠵᠦ᠂ ᠨᠤᠭᠤᠷᠠᠯ ᠪᠦᠳᠦᠷᠢᠯ ᠠᠴᠠ ᠠᠶᠤᠬᠤ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠡᠴᠦᠰ ᠲᠡᠭᠡᠨ ᠲᠡᠷᠢᠭᠦᠨ 6  ᠨᠡᠷᠡᠰ᠂ ᠳᠡᠳ᠋ 6 ᠨᠡᠷᠡᠰ ᠂ ᠭᠤᠳᠠᠭᠠᠷ 6 ᠨᠡᠷᠡᠰ ᠢ ᠢᠯᠭᠠᠷᠠᠭᠤᠯᠪᠠ ᠃        ᠲᠣᠰ ᠤᠳᠠᠭᠠᠨ ᠤ ᠤᠷᠤᠯᠳᠤᠭᠠᠨ ᠪᠣᠯ ᠂ ᠮᠢᠭᠮᠡᠨ ᠰᠢᠲᠠᠷ᠎ᠠ ᠶᠢᠨ ᠬᠢᠷᠢ ᠲᠦᠪᠰᠢᠨ ᠪᠠ ᠪᠣᠳᠠᠲᠤ ᠬᠦᠴᠦᠨ ᠢ ᠰᠢᠯᠭᠠᠨ ᠪᠠᠶᠢᠴᠠᠭᠠᠬᠤ ᠤᠷᠤᠯᠳᠤᠭᠠᠨ ᠪᠣᠯᠬᠤ ᠪᠠᠷ ᠪᠠᠷᠠᠬᠤ ᠥᠬᠡᠶ᠂ ᠪᠠᠰᠠ ᠴᠤ ᠰᠢᠲᠠᠷ᠎ᠠ ᠶᠢᠨ ᠤᠷᠠᠯᠠᠯ ᠢ ᠬᠠᠷᠢᠯᠴᠠᠨ ᠰᠤᠳᠤᠯᠬᠤ ᠰᠠᠶᠢᠨ ᠴᠠᠭ ᠲᠣᠬᠢᠶᠠᠯ ᠪᠣᠯᠤᠨ᠎ᠠ᠃ ᠬᠡᠦᠬᠡᠳ ᠤᠨ ᠲᠥᠪᠯᠡᠷᠡᠩᠭᠦᠶ ᠬᠦᠴᠦ᠂ ᠰᠡᠳᠬᠢᠬᠦ ᠴᠢᠳᠠᠪᠤᠷᠢ᠂ ᠪᠦᠲᠦᠭᠡᠯᠴᠢ ᠴᠢᠳᠠᠪᠤᠷᠢ᠂ ᠪᠣᠳᠣᠬᠤ ᠴᠢᠳᠠᠪᠤᠷᠢ᠂ ᠴᠡᠭᠡᠵᠢᠯᠡᠬᠦ ᠴᠢᠳᠠᠪᠤᠷᠢ ᠶᠢ ᠪᠣᠯᠪᠠᠰᠤᠷᠠᠭᠤᠯᠬᠤ ᠪᠠᠷ ᠪᠠᠷᠠᠬᠤ ᠦᠭᠡᠶ ᠪᠠᠰᠠ ᠬᠡᠦᠬᠡᠳ ᠤᠨ ᠵᠣᠬᠢᠴᠠᠭᠤᠯᠬᠤ ᠴᠢᠳᠠᠪᠤᠷᠢ ᠪᠣᠯᠤᠨ ᠠᠰᠠᠭᠤᠳᠠᠯ ᠢ  ᠰᠢᠢᠳᠪᠦᠷᠢᠯᠡᠬᠦ ᠴᠢᠳᠠᠪᠤᠷᠢ ᠶᠢ ᠬᠥᠮᠦᠵᠢᠭᠦᠯᠵᠦ ᠪᠣᠯᠤᠨ᠎ᠠ︕ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号