ᠪᠠᠭᠠᠴᠤᠳ ᠬᠡᠦᠬᠡᠳ ᠤᠨ ᠮᠢᠭᠮᠡᠨ ᠰᠢᠲᠠᠷ᠎ᠠ ᠶᠢᠨ ᠳᠤᠷ᠎ᠠ ᠪᠠᠬ᠎ᠠ ᠶᠢ ᠬᠥᠭᠵᠢᠭᠡᠵᠦ᠂ ᠣᠨᠴᠠᠭᠠᠢ ᠰᠣᠶᠣᠯ ᠤᠨ | ᠷᠢᠳᠢ ᠰᠢᠳᠢ ᠶᠢ ᠢᠯᠡᠷᠡᠭᠦᠯᠬᠦ ᠶᠢᠨ ᠲᠥᠯᠥᠭᠡ᠂ ᠰᠢᠨ ᠾᠦᠢ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ | 6 ᠰᠠᠷ᠎ᠠ ᠶᠢᠨ 4 ᠤ ᠡᠳᠦᠷ ᠮᠢᠭᠮᠡᠨ ᠰᠢᠲᠠᠷ᠎ᠠ ᠶᠢᠨ ᠤᠷᠤᠯᠳᠤᠭᠠᠨ ᠬᠢᠪᠡ᠃ | ᠤᠷᠤᠯᠳᠤᠭᠠᠨ ᠤ ᠶᠠᠪᠤᠴᠠ ᠳᠤ᠂ ᠪᠢᠴᠢᠬᠠᠨ ᠰᠢᠳᠡᠷᠡᠴᠢᠨ ᠨᠠᠷᠢᠨ ᠬᠢᠨᠠᠮᠠᠭᠠᠶ ᠪᠣᠳᠣᠯᠬᠢᠯᠠᠵᠤ᠂ ᠰᠢᠲᠠᠷ᠎ᠠ ᠶᠢ | ᠯᠠᠪᠳᠠᠭᠤᠨ ᠲᠣᠭᠲᠠᠭᠤᠨ ᠢᠶᠠᠷ ᠠᠵᠢᠭᠯᠠᠵᠤ᠂ ᠠᠯᠬᠤᠮ ᠪᠦᠷᠢ ᠶᠢ ᠪᠣᠯᠭᠤᠮᠵᠢᠲᠠᠶ ᠳᠣᠭᠲᠠᠭᠠᠨ᠎ᠠ᠃ ᠤᠷᠤᠯᠳᠤᠭᠠᠨ ᠤ | ᠲᠠᠯᠠᠪᠤᠷ ᠨᠢ ᠦᠵᠡᠬᠦ ᠳᠤ ᠲᠠᠶᠢᠪᠤᠭᠤ ᠰᠢᠭ᠋ ᠪᠣᠯᠪᠠᠴᠤ ᠰᠢᠲᠠᠷ᠎ᠠ ᠶᠢᠨ ᠬᠥᠯᠭᠡ ᠳᠡᠭᠡᠷᠡᠬᠢ ᠥᠷᠢᠰᠥᠯᠳᠦᠭᠡᠨ ᠨᠢ ᠬᠠᠷᠢᠨ | ᠣᠨᠴᠠᠭᠠᠶ ᠬᠤᠷᠴᠠ ᠰᠢᠷᠦᠭᠦᠨ ᠪᠠᠶᠢᠵᠤ᠂ ᠪᠢᠴᠢᠬᠠᠨ ᠰᠢᠲᠠᠷᠠᠴᠢᠳ ᠣᠶᠤᠨ ᠰᠠᠨᠠᠭᠠᠨ ᠤ ᠬᠡᠪ ᠨᠠᠮᠪᠠ ᠪᠠᠨ | ᠠᠳᠠᠯᠢᠳᠬᠠᠬᠤ ᠶᠢᠨ ᠬᠠᠮᠲᠤ᠂ ᠲᠡᠳᠡᠨ ᠤ ᠲᠠᠷᠢᠬᠢ ᠲᠣᠯᠣᠭᠠᠶ ᠪᠠᠨ ᠬᠥᠳᠡᠯᠭᠡᠨ ᠴᠢᠳᠠᠮᠠᠭᠠᠶ ᠪᠠᠷ ᠰᠡᠳᠬᠢᠵᠦ᠂ | ᠨᠤᠭᠤᠷᠠᠯ ᠪᠦᠳᠦᠷᠢᠯ ᠠᠴᠠ ᠠᠶᠤᠬᠤ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ | ᠪᠠᠶᠢᠨ᠎ᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠡᠴᠦᠰ ᠲᠡᠭᠡᠨ ᠲᠡᠷᠢᠭᠦᠨ 6 ᠨᠡᠷᠡᠰ᠂ ᠳᠡᠳ᠋ 6 | ᠨᠡᠷᠡᠰ ᠂ ᠭᠤᠳᠠᠭᠠᠷ 6 ᠨᠡᠷᠡᠰ ᠢ ᠢᠯᠭᠠᠷᠠᠭᠤᠯᠪᠠ ᠃ | ᠲᠣᠰ ᠤᠳᠠᠭᠠᠨ ᠤ ᠤᠷᠤᠯᠳᠤᠭᠠᠨ ᠪᠣᠯ ᠂ ᠮᠢᠭᠮᠡᠨ ᠰᠢᠲᠠᠷ᠎ᠠ ᠶᠢᠨ ᠬᠢᠷᠢ ᠲᠦᠪᠰᠢᠨ ᠪᠠ ᠪᠣᠳᠠᠲᠤ ᠬᠦᠴᠦᠨ ᠢ | ᠰᠢᠯᠭᠠᠨ ᠪᠠᠶᠢᠴᠠᠭᠠᠬᠤ ᠤᠷᠤᠯᠳᠤᠭᠠᠨ ᠪᠣᠯᠬᠤ ᠪᠠᠷ ᠪᠠᠷᠠᠬᠤ ᠥᠬᠡᠶ᠂ ᠪᠠᠰᠠ ᠴᠤ ᠰᠢᠲᠠᠷ᠎ᠠ ᠶᠢᠨ ᠤᠷᠠᠯᠠᠯ ᠢ ᠬᠠᠷᠢᠯᠴᠠᠨ | ᠰᠤᠳᠤᠯᠬᠤ ᠰᠠᠶᠢᠨ ᠴᠠᠭ ᠲᠣᠬᠢᠶᠠᠯ ᠪᠣᠯᠤᠨ᠎ᠠ᠃ ᠬᠡᠦᠬᠡᠳ ᠤᠨ ᠲᠥᠪᠯᠡᠷᠡᠩᠭᠦᠶ ᠬᠦᠴᠦ᠂ ᠰᠡᠳᠬᠢᠬᠦ ᠴᠢᠳᠠᠪᠤᠷᠢ᠂ | ᠪᠦᠲᠦᠭᠡᠯᠴᠢ ᠴᠢᠳᠠᠪᠤᠷᠢ᠂ ᠪᠣᠳᠣᠬᠤ ᠴᠢᠳᠠᠪᠤᠷᠢ᠂ ᠴᠡᠭᠡᠵᠢᠯᠡᠬᠦ ᠴᠢᠳᠠᠪᠤᠷᠢ ᠶᠢ ᠪᠣᠯᠪᠠᠰᠤᠷᠠᠭᠤᠯᠬᠤ ᠪᠠᠷ ᠪᠠᠷᠠᠬᠤ ᠦᠭᠡᠶ | ᠪᠠᠰᠠ ᠬᠡᠦᠬᠡᠳ ᠤᠨ ᠵᠣᠬᠢᠴᠠᠭᠤᠯᠬᠤ ᠴᠢᠳᠠᠪᠤᠷᠢ ᠪᠣᠯᠤᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ | ᠬᠥᠮᠦᠵᠢᠭᠦᠯᠵᠦ ᠪᠣᠯᠤᠨ᠎ᠠ︕ | | |