ᠠᠤᠬᠠᠨ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠰᠢᠯᠭᠠᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠠᠤᠬᠠᠨ ᠬᠤᠰᠢᠭᠤ 2024 ᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠰᠣᠩᠭᠤᠨ ᠰᠢᠯᠭᠠᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠦᠶ ᠰᠢ ᠮᠢᠨ ᠬᠤᠷᠠᠯ ᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠷᠧᠨ ᠸᠧᠶ ᠬᠤᠷᠠᠯ ᠳᠤ ᠣᠷᠣᠯᠴᠠᠵᠠᠶ᠃ ᠰᠢᠯᠭᠠᠷᠠᠭᠤᠯᠤᠨ ᠰᠣᠩᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢ ᠪᠠᠲᠤᠯᠠᠨ ᠲᠠᠨᠢᠯᠴᠠᠭᠤᠯᠵᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ     ᠬᠤᠷᠠᠯ ᠠᠴᠠ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠪᠠᠲᠤᠯᠠᠨ ᠲᠠᠨᠢᠯᠴᠠᠭᠤᠯᠵᠤ ᠰᠢᠯᠭᠠᠷᠠᠭᠤᠯᠬᠤ ᠠᠵᠢᠯ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠴᠤ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠢ ᠰᠣᠩᠭᠤᠨ ᠭᠠᠷᠭᠠᠬᠤ ᠨᠥᠬᠦᠴᠡᠯ ᠢ ᠦᠨᠳᠦᠰᠦᠯᠡᠨ᠂ ᠵᠢᠱᠢᠭᠳᠡᠭᠴᠢ ᠶᠢᠨ ᠦᠨᠳᠦᠰᠦᠨ ᠮᠡᠳᠡᠭᠡ ᠵᠠᠩᠭᠢ᠂ ᠢᠷᠠᠭᠤ ᠠᠯᠳᠠᠷ ᠤᠨ ᠪᠠᠶᠢᠳᠠᠯ᠂ ᠭᠤᠤᠯ ᠦᠢᠯᠡ ᠠᠵᠢᠯᠯᠠᠭ᠎ᠠ ᠵᠡᠷᠭᠡ ᠪᠠᠶᠢᠳᠠᠯ ᠢ ᠨᠢᠭᠡᠳ ᠨᠢᠭᠡ ᠪᠠᠷ ᠪᠥᠬᠦ ᠲᠠᠯ᠎ᠠ ᠪᠠᠷ ᠤᠶᠢᠯᠠᠭᠠᠨ ᠬᠢᠨᠠᠨ ᠬᠠᠷᠭᠤᠭᠤᠯᠬᠤ ᠶᠢᠨ ᠬᠠᠮᠲᠤ ᠰᠠᠨᠠᠯ ᠰᠠᠨᠠᠭᠤᠯᠭ᠎ᠠ ᠪᠠᠨ ᠳᠤᠷᠠᠳᠪᠠ᠃ ᠬᠢᠨᠠᠨ ᠲᠣᠭᠲᠠᠭᠠᠬᠤ ᠪᠠᠷ ᠳᠡᠮᠵᠢᠨ᠂ 2024 ᠣᠨ ᠤ ᠠᠤᠬᠠᠨ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠤ 100 ᠵᠢᠱᠢᠭᠳᠡᠭᠴᠢ ᠶᠢ ᠲᠣᠭᠲᠠᠭᠠᠬᠤ ᠪᠠᠷ ᠲᠥᠯᠥᠪᠯᠡᠵᠦ ᠪᠣᠶ᠃    ᠬᠤᠷᠠᠯ ᠠᠴᠠ᠂ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠲᠠᠭᠠᠯ ᠢ ᠴᠢᠩᠭ᠎ᠠ ᠵᠢᠷᠤᠮᠯᠠᠨ᠂ ᠰᠢᠯᠭᠠᠷᠠᠭᠤᠯᠬᠤ ᠬᠦᠷᠢᠶ᠎ᠡ ᠬᠡᠪᠴᠢᠶ᠎ᠡ᠂ ᠰᠢᠯᠭᠠᠷᠠᠭᠤᠯᠬᠤ ᠨᠥᠬᠦᠴᠡᠯ ᠢ ᠦᠨᠳᠦᠰᠦᠯᠡᠨ᠂ ᠳᠣᠤᠷ᠎ᠠ ᠠᠴᠠ ᠳᠡᠭᠡᠭᠰᠢ᠂ ᠱᠠᠲᠤ ᠳᠠᠷᠠᠭᠠᠯᠠᠨ ᠲᠠᠨᠢᠯᠴᠠᠭᠤᠯᠬᠤ᠂ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ᠂ ᠠᠩᠬᠠᠨ ᠤ ᠬᠢᠨᠠᠯᠲᠠ ᠶᠢᠨ ᠲᠠᠰ ᠳᠠᠷᠠᠭᠠᠯᠠᠯ ᠢ ᠴᠢᠩᠳᠠᠯᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠢᠱᠢᠭᠳᠡᠭᠴᠢ ᠶᠢᠨ ᠡᠮᠦᠨᠡᠬᠢ ᠬᠤᠭᠤᠴᠠᠭᠠᠨ ᠤ ᠲᠠᠨᠢᠯᠴᠠᠭᠤᠯᠭ᠎ᠠ ᠪᠠ ᠠᠩᠬᠠᠨ ᠤ ᠬᠢᠨᠠᠯᠲᠠ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠪᠥᠬᠦ ᠲᠠᠯ᠎ᠠ ᠶᠢᠨ ᠴᠢᠨᠠᠷ᠂ ᠲᠡᠩᠴᠡᠭᠦᠷᠢᠲᠦ ᠴᠢᠨᠠᠷ᠂ ᠬᠥᠭᠵᠢᠯᠲᠡ ᠶᠢᠨ ᠴᠢᠨᠠᠷ ᠢ ᠭᠦᠢᠴᠡᠳ ᠢᠯᠡᠷᠡᠭᠦᠯᠵᠦ᠂ ᠬᠥᠳᠡᠯᠮᠦᠷᠢ ᠶᠢᠨ ᠵᠢᠱᠢᠶᠡᠴᠢ ᠶᠢᠨ ᠬᠢᠨᠠᠨ ᠲᠣᠭᠲᠠᠭᠠᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ  ᠭᠡᠵᠦ ᠦᠵᠡᠵᠦ ᠪᠠᠶᠢᠨ᠎ᠠ᠃    ᠬᠤᠷᠠᠯ ᠠᠴᠠ ᠂ ︽ᠲᠥᠰᠦᠯ︾ ᠤᠨ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠠᠨᠢᠯᠴᠠᠭᠤᠯᠬᠤ ᠪᠠᠷ ᠪᠠᠶᠢᠭ᠎ᠠ ᠡᠲᠡᠭᠡᠳ ᠤᠨ ᠪᠠᠶᠢᠭ᠎ᠠ ᠨᠢᠭᠡᠴᠡ ᠪᠠᠨ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠪᠣᠯ ᠺᠠᠳ᠋ᠷ ᠤᠨ ᠰᠢᠯᠭᠠᠨ ᠪᠠᠶᠢᠴᠠᠭᠠᠬᠤ ᠲᠠᠰ ᠳᠠᠷᠠᠭᠠᠯᠠᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ ᠲᠠᠨᠢᠯᠴᠠᠭᠤᠯᠬᠤ ᠪᠠᠷ ᠪᠠᠶᠢᠭ᠎ᠠ ᠵᠢᠱᠢᠭᠳᠡᠭᠴᠢ ᠶᠢᠨ ᠬᠢᠷᠢ ᠬᠡᠮ ᠢ ᠳᠠᠬᠢᠨ ᠬᠢᠨᠠᠬᠤ ᠬᠡᠷᠡᠭᠲᠡᠶ᠃ ᠲᠠᠬᠢᠨ ᠬᠢᠨᠠᠬᠤ ᠶᠠᠪᠤᠴᠠ ᠳᠤ᠂ ᠲᠠᠨᠢᠯᠴᠠᠭᠤᠯᠬᠤ ᠪᠠᠷ ᠪᠠᠶᠢᠭ᠎ᠠ ᠵᠢᠱᠢᠭᠳᠡᠭᠴᠢ ᠶᠢᠨ ᠮᠣᠷᠠᠯ᠂ ᠴᠢᠳᠠᠪᠤᠷᠢ᠂ ᠠᠵᠢᠯᠴᠢ᠂ ᠪᠦᠲᠦᠮᠵᠢ᠂ ᠠᠷᠢᠭᠤᠨ ᠴᠢᠬᠡᠴᠢ᠂ ᠲᠠᠨᠢᠯᠴᠠᠭᠤᠯᠬᠤ ᠵᠢᠷᠤᠮ ᠤᠨ ᠵᠢᠷᠤᠮᠵᠢᠯᠳᠤ ᠴᠢᠨᠠᠷ᠂ ᠲᠠᠨᠢᠯᠴᠠᠭᠤᠯᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠵᠢᠴᠢ ᠵᠢᠱᠢᠭᠳᠡᠭᠴᠢ ᠶᠢᠨ ᠪᠡᠶ᠎ᠡ ᠭᠠᠷᠤᠯ᠂ ᠲᠣᠪᠴᠢ ᠨᠠᠮᠲᠠᠷ᠂ ᠦᠢᠯᠡ ᠠᠵᠢᠯᠯᠠᠭ᠎ᠠ ᠵᠡᠷᠭᠡ ᠳᠤ ᠶᠡᠷᠦᠩᠬᠡᠶᠢᠯᠡᠭᠰᠡᠨ ᠰᠢᠨᠵᠢᠯᠡᠨ ᠪᠠᠶᠢᠴᠠᠭᠠᠯᠲᠠ ᠬᠢᠵᠦ᠂ ᠵᠢᠱᠢᠭᠳᠡᠭᠴᠢ ᠶᠢᠨ ᠤᠯᠤᠰ ᠲᠦᠷᠦ ᠶᠢᠨ ᠢᠯᠡᠷᠡᠯ᠂ ᠮᠣᠷᠠᠯ ᠴᠢᠳᠠᠪᠤᠷᠢ ᠶᠢᠨ ᠢᠯᠡᠷᠡᠯ᠂ ᠦᠢᠯᠡ ᠠᠵᠢᠯᠯᠠᠭ᠎ᠠ ᠶᠢᠨ ᠦᠨᠡᠨ ᠪᠣᠳᠠᠲᠤ ᠴᠢᠨᠠᠷ ᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠵᠤ᠂ ᠰᠢᠯᠭᠠᠷᠠᠭᠤᠯᠵᠤ ᠭᠠᠷᠭᠠᠭᠰᠠᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠠᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠵᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号