ᠠᠤᠬᠠᠨ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠦᠶᠡᠷ ᠢ ᠰᠡᠷᠭᠡᠶᠢᠯᠡᠬᠦ ᠵᠢᠴᠢ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ  ᠳᠤᠭᠲᠠᠮᠠᠯ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 28 ᠤ ᠡᠳᠦᠷ᠂ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠠᠴᠠ ᠦᠶᠡᠷ ᠢ ᠰᠡᠷᠭᠡᠶᠢᠯᠡᠬᠦ ᠵᠢᠴᠢ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠲᠣᠭᠲᠠᠮᠠᠯ ᠬᠤᠷᠠᠯ ᠬᠤᠷᠠᠯᠳᠤᠵᠤ᠂ ᠵᠠᠰᠠᠮᠠᠯ ᠵᠠᠮ ᠤᠨ ᠬᠠᠮᠢᠶᠠᠷᠤᠯᠲᠠ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠤᠨ ᠪᠠᠶᠢᠭᠤᠯᠭ᠎ᠠ᠂ ᠵᠠᠮ ᠤᠨ ᠠᠩᠭᠢ ᠶᠢᠨ ᠳᠠᠷᠤᠭ᠎ᠠ᠂ ᠲᠣᠭᠠᠴᠠᠭ᠎ᠠ ᠬᠢᠭᠴᠢ᠂ ᠡᠯ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠪᠠ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠠᠴᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠵᠤ᠂ ᠳᠡᠳ᠋ ᠡᠷᠬᠢᠯᠡᠭᠴᠢ ᠴᠧ ᠸᠧᠨ ᠯᠢ ᠦᠶᠡᠷ ᠤᠨ ᠬᠤᠭᠤᠴᠠᠭᠠᠨ ᠤ ᠵᠠᠰᠠᠮᠠᠯ ᠵᠠᠮ ᠢ ᠲᠣᠭᠤᠷᠢᠨ ᠪᠠᠶᠢᠴᠠᠭᠠᠬᠤ᠂ ᠵᠢᠵᠢᠭᠦᠷᠯᠡᠨ ᠰᠠᠬᠢᠬᠤ᠂ ᠥᠨᠳᠥᠷ ᠳᠤᠯᠠᠭᠠᠨ ᠳᠤ ᠠᠵᠢᠯᠯᠠᠬᠤ᠂ ᠬᠥᠭᠦᠷᠭᠡ ᠶᠢᠨ ᠭᠤᠯᠳᠤᠩ ᠢ ᠪᠠᠶᠢᠴᠠᠭᠠᠬᠤ᠂ ᠠᠮᠤᠷ ᠲᠦᠪᠰᠢᠨ ᠤ ᠬᠠᠮᠠᠭᠠᠯᠠᠯᠲᠠ᠂ ᠵᠠᠮ ᠤᠨ ᠡᠭᠡᠯᠵᠢ ᠪᠠ ᠮᠠᠰᠢᠨ ᠮᠧᠬᠠᠨᠢᠭ ᠤᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠨᠢᠭᠲᠠ ᠲᠤᠬᠢᠷᠠᠭᠤᠯᠪᠠ᠃    ᠪᠠᠲᠤᠯᠠᠭ᠎ᠠ ᠶᠢᠨ ᠲᠥᠪ ᠤᠨ ᠡᠷᠬᠢᠯᠡᠭᠴᠢ ᠭᠤᠤ ᠶᠦᠨ ᠪᠥᠸᠧ ᠬᠤᠷᠠᠯ ᠳᠡᠭᠡᠷ᠎ᠡ᠂ ᠨᠢᠭᠡ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠥᠪ ᠠᠴᠠ ᠣᠷᠣᠨ ᠨᠤᠲᠤᠭ ᠲᠤ ᠬᠦᠷᠬᠦ ᠵᠢᠭᠠᠪᠤᠷᠢ ᠪᠣᠯᠤᠨ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︔ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠠᠯ᠎ᠠ ᠪᠠᠷ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠡᠬᠡ ᠳᠠᠩᠰᠠ ᠪᠠᠶᠢᠭᠤᠯᠵᠤ᠂ ᠨᠢᠭᠡᠳ ᠨᠢᠭᠡ ᠪᠠᠷ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠢᠵᠦ᠂ ᠠᠮᠤᠷ ᠲᠦᠪᠰᠢᠨ ᠤ ᠰᠡᠷᠡᠮᠵᠢᠯᠡᠭᠦᠯᠦᠯ ᠢ ᠪᠠᠶᠢᠷᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ︔ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠂ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠨᠦᠭᠦᠳ ᠲᠦᠷ ᠴᠠᠭ ᠴᠠᠬᠢᠯᠭᠠᠨ ᠬᠡᠷᠡᠭᠯᠡᠬᠦ᠂ ᠠᠮᠤᠷ ᠲᠦᠪᠰᠢᠨ ᠤ ᠲᠡᠮᠳᠡᠭ ᠫᠠᠶᠢᠰᠠ ᠪᠠᠶᠢᠷᠢᠯᠠᠭᠤᠯᠬᠤ᠂ ᠪᠠᠷᠢᠯᠭ᠎ᠠ ᠶᠢᠨ ᠲᠤᠬᠠᠶ ᠶᠢᠨ ᠲᠠᠯᠠᠪᠤᠷ᠂ ᠳᠥᠭᠦᠮ ᠵᠠᠮ ᠤᠨ ᠬᠠᠮᠠᠭᠠᠯᠠᠯᠲᠠ᠂ ᠠᠵᠢᠯᠲᠠᠨ ᠤ  ᠪᠣᠯᠪᠠᠰᠤᠷᠠᠯ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠬᠤ ᠶᠢᠨ ᠬᠠᠮᠲᠤ ᠲᠤᠰᠬᠠᠶ ᠰᠣᠷᠢᠯᠲᠠ ᠥᠷᠨᠢᠭᠦᠯᠬᠦ ᠬᠡᠷᠡᠭᠲᠡᠶ᠃ ᠬᠤᠶᠠᠷ ᠲᠤ᠂ ᠤᠷᠢᠳᠴᠢᠯᠠᠨ ᠲᠥᠯᠥᠪᠵᠢᠭᠦᠯᠵᠦ᠂ ᠦᠶᠡᠷ ᠢ ᠰᠡᠷᠭᠡᠶᠢᠯᠡᠵᠦ ᠦᠶᠡᠷ ᠢ ᠥᠩᠭᠡᠷᠡᠭᠦᠯᠬᠦ ᠠᠵᠢᠯ ᠢ ᠪᠠᠶᠢᠷᠢᠯᠠᠭᠤᠯᠬᠤ ᠶᠢ ᠰᠠᠶᠢᠲᠤᠷ ᠬᠢᠬᠦ ᠬᠡᠷᠡᠭᠲᠡᠶ᠃ ᠡᠯ᠎ᠡ ᠠᠩᠭᠢ ᠦᠶᠡᠷ ᠠᠴᠠ ᠡᠮᠦᠨᠡᠬᠢ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠠᠰᠠᠨ ᠰᠡᠷᠭᠦᠭᠡᠬᠦ ᠠᠴᠠ ᠡᠮᠦᠨ᠎ᠡ ᠰᠡᠷᠡᠮᠵᠢᠯᠡᠭᠦᠯᠬᠦ ᠲᠡᠮᠳᠡᠭ ᠪᠠᠶᠢᠭᠤᠯᠵᠤ ᠠᠮᠤᠷ ᠲᠦᠪᠰᠢᠨ ᠤ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠵᠠᠮ ᠨᠡᠪᠲᠡᠷᠡᠯᠭᠡ ᠶᠢᠨ ᠨᠥᠬᠦᠴᠡᠯ ᠢ ᠪᠦᠷᠢᠯᠳᠦᠭᠦᠯᠦᠭᠡᠳᠦᠶ ᠪᠣᠯ ᠴᠠᠭ ᠲᠤᠬᠠᠶ ᠳᠤᠨᠢ ᠪᠢᠲᠡᠭᠦᠮᠵᠢᠯᠡᠭᠰᠡᠨ ᠠᠷᠭ᠎ᠠ ᠬᠡᠮᠵᠢᠶ᠎ᠡ ᠠᠪᠬᠤ ᠬᠡᠷᠡᠭᠲᠡᠶ︔ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠲᠣᠭᠠᠯᠠᠨ ᠪᠦᠷᠢᠳᠬᠡᠵᠦ ᠬᠢᠨᠠᠨ ᠪᠠᠶᠢᠴᠠᠭᠠᠬᠤ ᠪᠠ ᠨᠥᠬᠦᠪᠥᠷᠢᠯᠡᠬᠦ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠮᠠᠰᠢᠨ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠ ᠵᠢᠯᠣᠭᠤᠴᠢ ᠶᠢᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ ᠂ ᠰᠢᠦᠳᠠᠨ ᠤ ᠲᠦᠷᠭᠡᠨ ᠬᠦᠷᠭᠡᠬᠦ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ︽ᠰᠢᠤᠳᠠᠨ ᠢᠶᠠᠷ ᠢᠯᠡᠭᠡᠬᠦ ᠠᠵᠤ ᠠᠬᠤᠶᠢᠯᠠᠯ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢᠨ ᠪᠣᠯᠪᠠᠰᠤᠷᠠᠯ ᠪᠠ ᠨᠠᠶᠢᠳᠠᠪᠤᠷᠢᠵᠢᠭᠤᠯᠤᠨ ᠠᠬᠢᠭᠤᠯᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ ᠠᠳᠡᠯ ᠤᠨ ᠳᠠᠯᠳᠠ ᠭᠡᠮ ᠢ ᠬᠥᠳᠡᠯᠦᠩᠭᠦᠢ ᠪᠠᠷ ᠠᠷᠢᠯᠭᠠᠬᠤ ᠠᠵᠢᠯᠯᠠᠭ᠎ᠠ ᠶᠢ ᠬᠦᠴᠦᠯᠡᠨ ᠥᠷᠨᠢᠭᠦᠯᠵᠦ᠂ ᠪᠣᠳᠠᠲᠤ ᠨᠡᠷ᠎ᠡ ᠪᠠᠷ ᠬᠤᠷᠢᠶᠠᠨ ᠢᠯᠡᠭᠡᠬᠦ᠂ ᠬᠤᠷᠢᠶᠠᠨ ᠢᠯᠡᠭᠡᠬᠦ ᠶᠢ ᠪᠠᠶᠢᠴᠠᠭᠠᠨ ᠦᠵᠡᠬᠦ᠂ ᠮᠠᠰᠢᠨ ᠢᠶᠠᠷ ᠥᠩᠭᠡᠷᠡᠬᠦ ᠰᠢᠯᠭᠠᠨ ᠪᠠᠶᠢᠴᠠᠭᠠᠬᠤ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠢᠯᠡᠭᠡᠬᠦ ᠳᠤ ᠦᠨᠡᠨ ᠨᠡᠷ᠎ᠡ ᠪᠠᠷ ᠭᠡᠷᠡᠴᠢᠯᠡᠬᠦ ᠶᠢ ᠴᠢᠩᠭᠠᠳᠬᠠᠵᠤ᠂ ᠣᠶᠤᠨᠴᠢ ᠠᠶᠤᠯᠭᠦᠢ ᠶᠢᠨ ᠪᠠᠶᠢᠴᠠᠭᠠᠯᠲᠠ ᠶᠢᠨ ᠲᠥᠬᠦᠭᠡᠷᠦᠮᠵᠢ ᠶᠢ ᠶᠡᠬᠡᠪᠡᠷ ᠳᠡᠯᠭᠡᠷᠡᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ  ᠪᠣᠯᠪᠠᠰᠤᠷᠠᠯ ᠪᠠ ᠠᠮᠤᠷ ᠲᠦᠪᠰᠢᠨ ᠤ ᠪᠠᠶᠢᠴᠠᠭᠠᠭᠴᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠢᠯᠡᠭᠡᠬᠦ ᠳᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠪᠠᠶᠢᠴᠠᠭᠠᠵᠤ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠠᠷᠬᠠᠭᠠᠵᠤ ᠠᠮᠢ ᠵᠢᠭᠤᠲᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠨ ᠪᠦᠬᠦᠨ ᠠᠮᠤᠷ ᠲᠦᠪᠰᠢᠨ ᠢ ᠣᠶᠢᠯᠠᠭᠠᠵᠤ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠂ ᠡᠯ᠎ᠡ ᠵᠠᠮ ᠤᠨ ᠠᠩᠭᠢ᠂ ᠡᠯ᠎ᠡ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ᠂ ᠰᠢᠤᠳᠠᠨ ᠤ ᠶᠠᠪᠤᠳᠠᠯ ᠤᠨ ᠬᠦᠷᠭᠡᠬᠦ ᠠᠵᠤ ᠠᠬᠤᠶᠢᠯᠠᠯ ᠭᠦᠨᠵᠡᠭᠡᠶ ᠣᠶᠢᠯᠠᠭᠠᠵᠤ᠂ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠠᠭᠢᠬᠤ ᠶᠢ ᠪᠠᠲᠤᠯᠠᠬᠤ ᠬᠡᠷᠡᠭᠲᠡᠶ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号