ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠶᠠᠳᠤᠭᠠᠷ ᠤᠯᠠᠷᠢᠯ ᠤᠨ ᠨᠥᠬᠦᠪᠥᠷᠢ ᠣᠯᠭᠤᠬᠤ ᠡᠲᠡᠭᠡᠳ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/7/1
        ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ ᠶᠢᠨ ᠬᠤᠶᠠᠳᠤᠭᠠᠷ ᠤᠯᠠᠷᠢᠯ ᠤᠨ ᠨᠥᠬᠦᠪᠥᠷᠢ ᠣᠯᠭᠤᠬᠤ ᠡᠲᠡᠭᠡᠳ ᠢ ᠢᠯᠡ ᠨᠡᠶᠢᠲᠡᠯᠡᠬᠦ ᠲᠤᠬᠠᠶ    ︽ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠠᠴᠠ ᠰᠢᠨ ᠾᠦᠢ ᠬᠤᠲᠠ  ᠲᠣᠭᠤᠷᠢᠭ ᠤᠨ ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠬᠡᠷ ᠪᠦᠯᠢ ᠳᠤ 2024 ᠣᠨ ᠤ ᠬᠤᠶᠠᠳᠤᠭᠠᠷ ᠤᠯᠠᠷᠢᠯ ᠤᠨ ᠬᠢᠮᠳᠠ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠣᠯᠭᠤᠬᠤ ᠪᠠᠷ ᠲᠣᠭᠲᠠᠪᠠ᠃ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠳᠠᠬᠢᠨ ᠬᠢᠨᠠᠯᠲᠠ ᠪᠠᠷ ᠳᠡᠮᠵᠢᠨ᠂ ᠡᠳᠦᠭᠡ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠨᠥᠬᠦᠪᠥᠷᠢ ᠶᠢᠨ ᠬᠥᠮᠦᠰ ᠤᠨ ᠪᠣᠳᠠᠲᠠᠶ ᠳᠠᠬᠢᠨ ᠬᠢᠨᠠᠭᠰᠠᠨ ᠦᠷ᠎ᠡ ᠳ᠋ᠦᠩ ᠢ ᠢᠯᠡ ᠨᠡᠶᠢᠲᠡᠯᠡᠪᠡ᠄    ᠢᠯᠡ ᠨᠡᠶᠢᠲᠡᠯᠡᠬᠦ ᠴᠠᠭ ᠨᠢ 2024 ᠣᠨ ᠤ 6 ᠰᠠᠷ᠎ᠠ ᠶᠢᠨ 28 ᠤ ᠡᠳᠦᠷ ᠠᠴᠠ ᠡᠬᠢᠯᠡᠨ 2024 ᠣᠨ ᠤ 7 ᠰᠠᠷ᠎ᠠ ᠶᠢᠨ 4 ᠤ ᠡᠳᠦᠷ ᠪᠣᠯᠲᠠᠯ᠎ᠠ ᠳᠠᠭᠤᠰᠤᠨ᠎ᠠ᠂ ᠢᠯᠡ ᠨᠡᠶᠢᠲᠡᠯᠡᠬᠦ ᠬᠤᠭᠤᠴᠠᠭᠠᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠶᠢᠨ ᠬᠡᠷ ᠪᠦᠯᠢ ᠶᠢᠨ ᠪᠣᠳᠠᠲᠠᠶ ᠪᠠᠶᠢᠳᠠᠯ ᠨᠢ ᠬᠡᠷᠪᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠲᠤ ᠢᠯᠡᠴᠢᠯᠡᠨ ᠮᠡᠳᠡᠭᠦᠯᠵᠦ ᠪᠣᠯᠤᠨ᠎ᠠ᠃ ᠳᠡᠭᠡᠳᠦ ᠱᠠᠲᠤᠨ ᠤ ᠱᠠᠭᠠᠷᠳᠠᠯᠭ᠎ᠠ ᠪᠠ ᠪᠣᠳᠠᠲᠠᠶ ᠠᠵᠢᠯ ᠤᠨ ᠪᠠᠶᠢᠳᠠᠯ ᠢ ᠦᠨᠳᠦᠰᠦᠯᠡᠨ᠂ ᠣᠯᠠᠨ ᠲᠦᠮᠡᠨ ᠤ ᠪᠠᠶᠢᠴᠠᠭᠠᠨ ᠯᠠᠪᠯᠠᠬᠤ ᠪᠠ ᠬᠢᠨᠠᠯᠲᠠ ᠲᠠᠯᠪᠢᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠬᠢᠮᠳᠠ  ᠳᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠥᠭᠬᠦ ᠡᠨᠡ ᠬᠦ ᠠᠵᠢᠯ ᠢ  ᠡᠯᠧᠺᠲᠷᠣᠨ ᠬᠡᠪᠯᠡᠯ ᠢᠶᠠᠷ ᠠᠯᠪᠠᠨ ᠤ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠵᠦ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠶᠢᠨ ᠰᠦᠯᠵᠢᠶ᠎ᠡ᠂ ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠪᠠᠶᠢᠴᠠᠭᠠᠨ ᠯᠠᠪᠯᠠᠭᠠᠷᠠᠶ᠃    ᠠᠰᠠᠭᠤᠨ ᠯᠠᠪᠯᠠᠬᠤ ᠪᠠ ᠢᠯᠡᠴᠢᠯᠡᠨ ᠮᠡᠳᠡᠭᠦᠯᠬᠦ ᠤᠲᠠᠰᠤ᠄ 4300504 ︵ᠠᠤᠬᠠᠨ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ︶    ᠳᠠᠭᠠᠯᠳᠤᠭᠤᠯᠤᠯ᠄ ᠰᠢᠨ ᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠾᠦᠢ ᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠧᠢ ᠴᠧᠩ ᠰᠢᠨ᠎ᠡ ᠲᠣᠭᠤᠷᠢᠭ ᠤᠨ ᠬᠠᠮᠢᠶᠠᠷᠴᠤ ᠪᠦᠬᠦᠢ ᠬᠠᠷᠢᠶ᠎ᠠ ᠲᠣᠭᠤᠷᠢᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ  ᠪᠠᠶᠢᠭ᠎ᠠ ᠭᠡᠷ ᠪᠦᠯᠢ ᠶᠢᠨ ᠨᠥᠬᠦᠪᠥᠷᠢ ᠶᠢᠨ ᠬᠥᠮᠦᠰ ᠢ ᠳᠠᠬᠢᠨ ᠬᠢᠨᠠᠵᠤ ᠨᠡᠢᠲᠡᠯᠡᠭᠰᠡᠨ ᠨᠡᠷᠡᠰ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠠᠯᠪᠠᠨ ᠰᠦᠯᠵᠢᠶ᠎ᠡ ᠠᠴᠠ ᠦᠵᠡᠭᠡᠷᠡᠢ ︕    ᠠᠤᠬᠠᠨ  ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ                                    2024 ᠣᠨ ᠤ 6 ᠰᠠᠷ᠎ᠠ ᠶᠢᠨ 28 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号