ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ | ᠲᠣᠪᠴᠢᠶ᠎ᠠ ᠶᠢᠨ ᠬᠤᠶᠠᠳᠤᠭᠠᠷ ᠤᠯᠠᠷᠢᠯ ᠤᠨ ᠨᠥᠬᠦᠪᠥᠷᠢ ᠣᠯᠭᠤᠬᠤ ᠡᠲᠡᠭᠡᠳ ᠢ ᠢᠯᠡ ᠨᠡᠶᠢᠲᠡᠯᠡᠬᠦ ᠲᠤᠬᠠᠶ | ︽ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠷᠭ᠎ᠠ︾ ᠶᠢᠨ ᠬᠤᠯᠪᠣᠭᠳᠠᠯ ᠪᠥᠬᠦᠶ | ᠲᠣᠭᠲᠠᠭᠠᠯ ᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠠᠴᠠ ᠰᠢᠨ ᠾᠦᠢ ᠬᠤᠲᠠ ᠲᠣᠭᠤᠷᠢᠭ ᠤᠨ | ᠬᠢᠮᠳᠠ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠬᠡᠷ ᠪᠦᠯᠢ ᠳᠤ 2024 | ᠣᠨ ᠤ ᠬᠤᠶᠠᠳᠤᠭᠠᠷ ᠤᠯᠠᠷᠢᠯ ᠤᠨ ᠬᠢᠮᠳᠠ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠣᠯᠭᠤᠬᠤ ᠪᠠᠷ | ᠲᠣᠭᠲᠠᠪᠠ᠃ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠳᠠᠬᠢᠨ ᠬᠢᠨᠠᠯᠲᠠ ᠪᠠᠷ ᠳᠡᠮᠵᠢᠨ᠂ ᠡᠳᠦᠭᠡ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠨᠥᠬᠦᠪᠥᠷᠢ ᠶᠢᠨ ᠬᠥᠮᠦᠰ ᠤᠨ ᠪᠣᠳᠠᠲᠠᠶ ᠳᠠᠬᠢᠨ ᠬᠢᠨᠠᠭᠰᠠᠨ ᠦᠷ᠎ᠡ | ᠳ᠋ᠦᠩ ᠢ ᠢᠯᠡ ᠨᠡᠶᠢᠲᠡᠯᠡᠪᠡ᠄ | ᠢᠯᠡ ᠨᠡᠶᠢᠲᠡᠯᠡᠬᠦ ᠴᠠᠭ ᠨᠢ 2024 ᠣᠨ ᠤ 6 ᠰᠠᠷ᠎ᠠ ᠶᠢᠨ 28 ᠤ ᠡᠳᠦᠷ ᠠᠴᠠ ᠡᠬᠢᠯᠡᠨ 2024 ᠣᠨ ᠤ | 7 ᠰᠠᠷ᠎ᠠ ᠶᠢᠨ 4 ᠤ ᠡᠳᠦᠷ ᠪᠣᠯᠲᠠᠯ᠎ᠠ ᠳᠠᠭᠤᠰᠤᠨ᠎ᠠ᠂ ᠢᠯᠡ ᠨᠡᠶᠢᠲᠡᠯᠡᠬᠦ ᠬᠤᠭᠤᠴᠠᠭᠠᠨ ᠳᠤ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠨᠥᠬᠦᠪᠥᠷᠢ ᠶᠢᠨ ᠬᠡᠷ ᠪᠦᠯᠢ ᠶᠢᠨ ᠪᠣᠳᠠᠲᠠᠶ ᠪᠠᠶᠢᠳᠠᠯ ᠨᠢ ᠬᠡᠷᠪᠡ ᠭᠤᠶᠤᠴᠢᠯᠠᠬᠤ ᠨᠥᠬᠦᠴᠡᠯ ᠳᠤ | ᠨᠡᠶᠢᠴᠡᠬᠦ ᠥᠬᠡᠶ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠲᠤ ᠢᠯᠡᠴᠢᠯᠡᠨ ᠮᠡᠳᠡᠭᠦᠯᠵᠦ | ᠪᠣᠯᠤᠨ᠎ᠠ᠃ ᠳᠡᠭᠡᠳᠦ ᠱᠠᠲᠤᠨ ᠤ ᠱᠠᠭᠠᠷᠳᠠᠯᠭ᠎ᠠ ᠪᠠ ᠪᠣᠳᠠᠲᠠᠶ ᠠᠵᠢᠯ ᠤᠨ ᠪᠠᠶᠢᠳᠠᠯ ᠢ ᠦᠨᠳᠦᠰᠦᠯᠡᠨ᠂ ᠣᠯᠠᠨ | ᠲᠦᠮᠡᠨ ᠤ ᠪᠠᠶᠢᠴᠠᠭᠠᠨ ᠯᠠᠪᠯᠠᠬᠤ ᠪᠠ ᠬᠢᠨᠠᠯᠲᠠ ᠲᠠᠯᠪᠢᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠬᠢᠮᠳᠠ | ᠳᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠥᠭᠬᠦ ᠡᠨᠡ ᠬᠦ ᠠᠵᠢᠯ ᠢ ᠡᠯᠧᠺᠲᠷᠣᠨ ᠬᠡᠪᠯᠡᠯ ᠢᠶᠠᠷ ᠠᠯᠪᠠᠨ ᠤ | ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠵᠦ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠰᠦᠯᠵᠢᠶ᠎ᠡ ᠶᠢᠨ ᠰᠦᠯᠵᠢᠶ᠎ᠡ᠂ ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠪᠠᠶᠢᠴᠠᠭᠠᠨ ᠯᠠᠪᠯᠠᠭᠠᠷᠠᠶ᠃ | ᠠᠰᠠᠭᠤᠨ ᠯᠠᠪᠯᠠᠬᠤ ᠪᠠ ᠢᠯᠡᠴᠢᠯᠡᠨ ᠮᠡᠳᠡᠭᠦᠯᠬᠦ ᠤᠲᠠᠰᠤ᠄ 4300504 ︵ᠠᠤᠬᠠᠨ ᠬᠤᠰᠢᠭᠤᠨ ᠤ ᠣᠷᠣᠨ | ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ︶ | ᠳᠠᠭᠠᠯᠳᠤᠭᠤᠯᠤᠯ᠄ ᠰᠢᠨ ᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠾᠦᠢ ᠵᠧᠦ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠧᠢ ᠴᠧᠩ ᠰᠢᠨ᠎ᠡ ᠲᠣᠭᠤᠷᠢᠭ ᠤᠨ ᠬᠠᠮᠢᠶᠠᠷᠴᠤ ᠪᠦᠬᠦᠢ ᠬᠠᠷᠢᠶ᠎ᠠ | ᠲᠣᠭᠤᠷᠢᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ | ᠨᠥᠬᠦᠪᠥᠷᠢ ᠶᠢᠨ ᠬᠥᠮᠦᠰ ᠢ ᠳᠠᠬᠢᠨ ᠬᠢᠨᠠᠵᠤ ᠨᠡᠢᠲᠡᠯᠡᠭᠰᠡᠨ ᠨᠡᠷᠡᠰ᠃ | ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠠᠯᠪᠠᠨ ᠰᠦᠯᠵᠢᠶ᠎ᠡ ᠠᠴᠠ | ᠦᠵᠡᠭᠡᠷᠡᠢ ︕ | ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ | ᠲᠣᠪᠴᠢᠶ᠎ᠠ | 2024 ᠣᠨ ᠤ 6 ᠰᠠᠷ᠎ᠠ ᠶᠢᠨ 28 ᠤ ᠡᠳᠦᠷ | | |