| 6 ᠰᠠᠷ᠎ᠠ ᠶᠢᠨ 28 ᠤ ᠡᠳᠦᠷ᠂ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ | ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠠᠴᠠ ᠦᠶᠡᠷ ᠢ ᠰᠡᠷᠭᠡᠶᠢᠯᠡᠬᠦ ᠵᠢᠴᠢ ᠭᠤᠷᠪᠠᠳᠤᠭᠠᠷ ᠤᠯᠠᠷᠢᠯ ᠤᠨ ᠠᠶᠤᠯᠭᠦᠶ | ᠦᠢᠯᠡᠳᠪᠦᠷᠢᠯᠡᠯ ᠤᠨ ᠲᠣᠭᠲᠠᠮᠠᠯ ᠬᠤᠷᠠᠯ ᠬᠤᠷᠠᠯᠳᠤᠵᠤ᠂ ᠵᠠᠰᠠᠮᠠᠯ ᠵᠠᠮ ᠤᠨ ᠬᠠᠮᠢᠶᠠᠷᠤᠯᠲᠠ ᠪᠠ ᠲᠡᠭᠡᠭᠡᠪᠦᠷᠢ ᠶᠢᠨ | ᠪᠠᠲᠤᠯᠠᠭ᠎ᠠ ᠶᠢᠨ ᠲᠥᠪ ᠤᠨ ᠪᠠᠶᠢᠭᠤᠯᠭ᠎ᠠ᠂ ᠵᠠᠮ ᠤᠨ ᠠᠩᠭᠢ ᠶᠢᠨ ᠳᠠᠷᠤᠭ᠎ᠠ᠂ ᠲᠣᠭᠠᠴᠠᠭ᠎ᠠ ᠬᠢᠭᠴᠢ᠂ ᠡᠯ᠎ᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠪᠠ ᠰᠢᠤᠳᠠᠨ ᠤ ᠲᠦᠷᠭᠡᠨ ᠬᠦᠷᠭᠡᠯᠲᠡ ᠶᠢᠨ | ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ | ᠳᠡᠳ᠋ ᠡᠷᠬᠢᠯᠡᠭᠴᠢ ᠴᠧ ᠸᠧᠨ ᠯᠢ ᠦᠶᠡᠷ ᠤᠨ ᠬᠤᠭᠤᠴᠠᠭᠠᠨ ᠤ ᠵᠠᠰᠠᠮᠠᠯ ᠵᠠᠮ ᠢ ᠲᠣᠭᠤᠷᠢᠨ ᠪᠠᠶᠢᠴᠠᠭᠠᠬᠤ᠂ | ᠵᠢᠵᠢᠭᠦᠷᠯᠡᠨ ᠰᠠᠬᠢᠬᠤ᠂ ᠥᠨᠳᠥᠷ ᠳᠤᠯᠠᠭᠠᠨ ᠳᠤ ᠠᠵᠢᠯᠯᠠᠬᠤ᠂ ᠬᠥᠭᠦᠷᠭᠡ ᠶᠢᠨ ᠭᠤᠯᠳᠤᠩ ᠢ ᠪᠠᠶᠢᠴᠠᠭᠠᠬᠤ᠂ ᠠᠮᠤᠷ | ᠲᠦᠪᠰᠢᠨ ᠤ ᠬᠠᠮᠠᠭᠠᠯᠠᠯᠲᠠ᠂ ᠵᠠᠮ ᠤᠨ ᠡᠭᠡᠯᠵᠢ ᠪᠠ ᠮᠠᠰᠢᠨ ᠮᠧᠬᠠᠨᠢᠭ ᠤᠨ ᠠᠮᠤᠷ ᠲᠦᠪᠰᠢᠨ ᠤ ᠬᠠᠮᠢᠶᠠᠷᠤᠯᠲᠠ | ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠨᠢᠭᠲᠠ ᠲᠤᠬᠢᠷᠠᠭᠤᠯᠪᠠ᠃ | ᠪᠠᠲᠤᠯᠠᠭ᠎ᠠ ᠶᠢᠨ ᠲᠥᠪ ᠤᠨ ᠡᠷᠬᠢᠯᠡᠭᠴᠢ ᠭᠤᠤ ᠶᠦᠨ ᠪᠥᠸᠧ ᠬᠤᠷᠠᠯ ᠳᠡᠭᠡᠷ᠎ᠡ᠂ ᠨᠢᠭᠡ ᠳᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | ᠲᠥᠪ ᠠᠴᠠ ᠣᠷᠣᠨ ᠨᠤᠲᠤᠭ ᠲᠤ ᠬᠦᠷᠬᠦ ᠵᠢᠭᠠᠪᠤᠷᠢ ᠪᠣᠯᠤᠨ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︔ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠲᠠᠯ᠎ᠠ ᠪᠠᠷ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠡᠬᠡ ᠳᠠᠩᠰᠠ ᠪᠠᠶᠢᠭᠤᠯᠵᠤ᠂ | ᠨᠢᠭᠡᠳ ᠨᠢᠭᠡ ᠪᠠᠷ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠢᠵᠦ᠂ ᠠᠮᠤᠷ ᠲᠦᠪᠰᠢᠨ ᠤ ᠰᠡᠷᠡᠮᠵᠢᠯᠡᠭᠦᠯᠦᠯ ᠢ | ᠪᠠᠶᠢᠷᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ︔ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠂ | ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠨᠦᠭᠦᠳ ᠲᠦᠷ ᠴᠠᠭ ᠴᠠᠬᠢᠯᠭᠠᠨ | ᠬᠡᠷᠡᠭᠯᠡᠬᠦ᠂ ᠠᠮᠤᠷ ᠲᠦᠪᠰᠢᠨ ᠤ ᠲᠡᠮᠳᠡᠭ ᠫᠠᠶᠢᠰᠠ ᠪᠠᠶᠢᠷᠢᠯᠠᠭᠤᠯᠬᠤ᠂ ᠪᠠᠷᠢᠯᠭ᠎ᠠ ᠶᠢᠨ ᠲᠤᠬᠠᠶ ᠶᠢᠨ ᠲᠠᠯᠠᠪᠤᠷ᠂ | ᠳᠥᠭᠦᠮ ᠵᠠᠮ ᠤᠨ ᠬᠠᠮᠠᠭᠠᠯᠠᠯᠲᠠ᠂ ᠠᠵᠢᠯᠲᠠᠨ ᠤ ᠪᠣᠯᠪᠠᠰᠤᠷᠠᠯ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠪᠠᠶᠢᠭᠤᠯᠬᠤ ᠶᠢᠨ ᠬᠠᠮᠲᠤ ᠲᠤᠰᠬᠠᠶ ᠰᠣᠷᠢᠯᠲᠠ ᠥᠷᠨᠢᠭᠦᠯᠬᠦ ᠬᠡᠷᠡᠭᠲᠡᠶ᠃ ᠬᠤᠶᠠᠷ ᠲᠤ᠂ ᠤᠷᠢᠳᠴᠢᠯᠠᠨ | ᠲᠥᠯᠥᠪᠵᠢᠭᠦᠯᠵᠦ᠂ ᠦᠶᠡᠷ ᠢ ᠰᠡᠷᠭᠡᠶᠢᠯᠡᠵᠦ ᠦᠶᠡᠷ ᠢ ᠥᠩᠭᠡᠷᠡᠭᠦᠯᠬᠦ ᠠᠵᠢᠯ ᠢ ᠪᠠᠶᠢᠷᠢᠯᠠᠭᠤᠯᠬᠤ ᠶᠢ ᠰᠠᠶᠢᠲᠤᠷ ᠬᠢᠬᠦ | ᠬᠡᠷᠡᠭᠲᠡᠶ᠃ ᠡᠯ᠎ᠡ ᠠᠩᠭᠢ ᠦᠶᠡᠷ ᠠᠴᠠ ᠡᠮᠦᠨᠡᠬᠢ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ | ᠠᠵᠢᠯ ᠢ ᠥᠷᠨᠢᠭᠦᠯᠵᠦ᠂ ᠵᠠᠰᠠᠨ ᠰᠡᠷᠭᠦᠭᠡᠬᠦ ᠠᠴᠠ ᠡᠮᠦᠨ᠎ᠡ ᠰᠡᠷᠡᠮᠵᠢᠯᠡᠭᠦᠯᠬᠦ ᠲᠡᠮᠳᠡᠭ ᠪᠠᠶᠢᠭᠤᠯᠵᠤ ᠠᠮᠤᠷ | ᠲᠦᠪᠰᠢᠨ ᠤ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠵᠠᠮ ᠨᠡᠪᠲᠡᠷᠡᠯᠭᠡ ᠶᠢᠨ ᠨᠥᠬᠦᠴᠡᠯ ᠢ ᠪᠦᠷᠢᠯᠳᠦᠭᠦᠯᠦᠭᠡᠳᠦᠶ | ᠪᠣᠯ ᠴᠠᠭ ᠲᠤᠬᠠᠶ ᠳᠤᠨᠢ ᠪᠢᠲᠡᠭᠦᠮᠵᠢᠯᠡᠭᠰᠡᠨ ᠠᠷᠭ᠎ᠠ ᠬᠡᠮᠵᠢᠶ᠎ᠡ ᠠᠪᠬᠤ ᠬᠡᠷᠡᠭᠲᠡᠶ︔ ᠠᠶᠤᠯ ᠠᠴᠠ ᠠᠪᠤᠷᠠᠬᠤ ᠪᠠᠴᠢᠮ | ᠪᠠᠶᠢᠳᠠᠯ ᠢ ᠠᠷᠭᠠᠴᠠᠬᠤ ᠡᠳ᠋ ᠪᠣᠳᠠᠰ ᠢ ᠲᠣᠭᠠᠯᠠᠨ ᠪᠦᠷᠢᠳᠬᠡᠵᠦ ᠬᠢᠨᠠᠨ ᠪᠠᠶᠢᠴᠠᠭᠠᠬᠤ ᠪᠠ ᠨᠥᠬᠦᠪᠥᠷᠢᠯᠡᠬᠦ ᠠᠵᠢᠯ ᠢ | ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠮᠠᠰᠢᠨ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠ | ᠵᠢᠯᠣᠭᠤᠴᠢ ᠶᠢᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ | ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ ᠂ ᠰᠢᠦᠳᠠᠨ ᠤ | ᠲᠦᠷᠭᠡᠨ ᠬᠦᠷᠭᠡᠬᠦ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠬᠦ ᠬᠡᠷᠡᠭᠲᠡᠶ᠃ ︽ᠰᠢᠤᠳᠠᠨ ᠢᠶᠠᠷ ᠢᠯᠡᠭᠡᠬᠦ ᠠᠵᠤ ᠠᠬᠤᠶᠢᠯᠠᠯ᠂ ᠲᠦᠷᠭᠡᠨ ᠬᠦᠷᠭᠡᠬᠦ ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵ | ᠲᠤᠷᠰᠢᠨ ᠬᠡᠷᠡᠭᠵᠢᠭᠦᠯᠬᠦ︶︾ ᠶᠢᠨ ᠪᠣᠯᠪᠠᠰᠤᠷᠠᠯ ᠪᠠ ᠨᠠᠶᠢᠳᠠᠪᠤᠷᠢᠵᠢᠭᠤᠯᠤᠨ ᠠᠬᠢᠭᠤᠯᠬᠤ ᠠᠵᠢᠯ ᠢ ᠰᠠᠶᠢᠲᠤᠷ ᠬᠢᠵᠦ᠂ | ᠬᠦᠨᠳᠦ ᠶᠡᠭᠡ ᠠᠳᠡᠯ ᠤᠨ ᠳᠠᠯᠳᠠ ᠭᠡᠮ ᠢ ᠬᠥᠳᠡᠯᠦᠩᠭᠦᠢ ᠪᠠᠷ ᠠᠷᠢᠯᠭᠠᠬᠤ ᠠᠵᠢᠯᠯᠠᠭ᠎ᠠ ᠶᠢ ᠬᠦᠴᠦᠯᠡᠨ ᠥᠷᠨᠢᠭᠦᠯᠵᠦ᠂ | ᠪᠣᠳᠠᠲᠤ ᠨᠡᠷ᠎ᠡ ᠪᠠᠷ ᠬᠤᠷᠢᠶᠠᠨ ᠢᠯᠡᠭᠡᠬᠦ᠂ ᠬᠤᠷᠢᠶᠠᠨ ᠢᠯᠡᠭᠡᠬᠦ ᠶᠢ ᠪᠠᠶᠢᠴᠠᠭᠠᠨ ᠦᠵᠡᠬᠦ᠂ ᠮᠠᠰᠢᠨ ᠢᠶᠠᠷ ᠥᠩᠭᠡᠷᠡᠬᠦ | ᠰᠢᠯᠭᠠᠨ ᠪᠠᠶᠢᠴᠠᠭᠠᠬᠤ ︽ᠭᠤᠷᠪᠠᠨ ᠵᠦᠢᠯ ᠤᠨ ᠳᠦᠷᠢᠮ︾ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ | ᠢᠯᠡᠭᠡᠬᠦ ᠳᠤ ᠦᠨᠡᠨ ᠨᠡᠷ᠎ᠡ ᠪᠠᠷ ᠭᠡᠷᠡᠴᠢᠯᠡᠬᠦ ᠶᠢ ᠴᠢᠩᠭᠠᠳᠬᠠᠵᠤ᠂ ᠣᠶᠤᠨᠴᠢ ᠠᠶᠤᠯᠭᠦᠢ ᠶᠢᠨ ᠪᠠᠶᠢᠴᠠᠭᠠᠯᠲᠠ ᠶᠢᠨ | ᠲᠥᠬᠦᠭᠡᠷᠦᠮᠵᠢ ᠶᠢ ᠶᠡᠬᠡᠪᠡᠷ ᠳᠡᠯᠭᠡᠷᠡᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠪᠣᠯᠪᠠᠰᠤᠷᠠᠯ | ᠪᠠ ᠠᠮᠤᠷ ᠲᠦᠪᠰᠢᠨ ᠤ ᠪᠠᠶᠢᠴᠠᠭᠠᠭᠴᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠢᠯᠡᠭᠡᠬᠦ ᠳᠤ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠪᠠᠶᠢᠴᠠᠭᠠᠵᠤ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠠᠷᠬᠠᠭᠠᠵᠤ | ᠠᠮᠢ ᠵᠢᠭᠤᠲᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠨ ᠪᠦᠬᠦᠨ ᠠᠮᠤᠷ ᠲᠦᠪᠰᠢᠨ ᠢ | ᠣᠶᠢᠯᠠᠭᠠᠵᠤ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ ᠂ ᠡᠯ᠎ᠡ ᠵᠠᠮ ᠤᠨ ᠠᠩᠭᠢ᠂ ᠡᠯ᠎ᠡ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ | ᠬᠡᠷ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ᠂ ᠰᠢᠤᠳᠠᠨ ᠤ ᠶᠠᠪᠤᠳᠠᠯ ᠤᠨ | ᠬᠦᠷᠭᠡᠬᠦ ᠠᠵᠤ ᠠᠬᠤᠶᠢᠯᠠᠯ ᠭᠦᠨᠵᠡᠭᠡᠶ ᠣᠶᠢᠯᠠᠭᠠᠵᠤ᠂ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ | ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠠᠭᠢᠬᠤ ᠶᠢ ᠪᠠᠲᠤᠯᠠᠬᠤ ᠬᠡᠷᠡᠭᠲᠡᠶ | ᠭᠡᠵᠦ ᠴᠢᠬᠤᠯᠠᠴᠢᠯᠠᠪᠠ᠃ | | |