ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 1—6 ᠰᠠᠷ᠎ᠠ ᠶᠢᠨ ︽ᠪᠦᠬᠦᠨ ᠳᠤ ᠲᠣᠬᠢᠷᠠᠬᠤ ᠺᠠᠷᠲ︾ ᠢᠶᠠᠷ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢ 12643.45 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/7/10
    2024 ᠣᠨ ᠤ 1 — 6 ᠰᠠᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠤᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ 12643.45 ᠲᠦᠮᠡᠨ ᠲᠥᠭᠦᠷᠢᠭ ᠲᠠᠷᠬᠠᠭᠠᠪᠠ᠂ ᠡᠭᠦᠨ ᠳᠤ᠄ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 605.17 ᠲᠦᠮᠡᠨ ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 7082.10 ᠲᠦᠮᠡᠨ ᠲᠥᠭᠦᠷᠢᠭ᠂ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠬᠦ ᠨᠥᠬᠦᠪᠥᠷᠢ 1249.26 ᠲᠦᠮᠡᠨ ᠲᠥᠭᠦᠷᠢᠭ᠂ ᠠᠰᠠᠷᠠᠮᠵᠢ ᠶᠢᠨ ᠨᠥᠬᠦᠪᠥᠷᠢ 1100.08 ᠲᠦᠮᠡᠨ ᠲᠥᠭᠦᠷᠢᠭ ᠂ ᠵᠡᠮᠳᠡᠭᠴᠦᠳ ᠤᠨ ᠨᠥᠬᠦᠪᠥᠷᠢ 1028.52 ᠲᠦᠮᠡᠨ ᠲᠥᠭᠦᠷᠢᠭ᠂ ᠤᠷᠲᠤ ᠨᠠᠰᠤᠯᠠᠭᠰᠠᠨ ᠨᠥᠬᠦᠪᠥᠷᠢ 685.87 ᠲᠦᠮᠡᠨ ᠲᠥᠭᠦᠷᠢᠭ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ 477.14 ᠲᠦᠮᠡᠨ ᠲᠥᠭᠦᠷᠢᠭ᠂ ᠪᠤᠰᠤᠳ ᠨᠥᠬᠦᠪᠥᠷᠢ ᠪᠠᠯᠠ ᠮᠥᠩᠭᠦ 415.31 ᠲᠦᠮᠡᠨ ᠲᠥᠭᠦᠷᠢᠭ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号