ᠦᠪᠡᠷᠳᠡᠭᠡᠨ ᠵᠠᠰᠠᠬᠤ ᠤᠷᠤᠨ ᠤ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/10
        7 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠥᠭᠡᠷᠡᠴᠢᠯᠡᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠴᠧᠨ ᠶᠠᠨ ᠯᠦᠩ ᠨᠠᠷ ᠮᠠᠨ ᠤ ᠬᠤᠰᠢᠭᠤᠨ ᠳᠤ ᠢᠷᠡᠵᠦ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠬᠤᠲᠠ ᠶᠢᠨ ᠵᠠᠰᠠᠭ ᠤᠨ ᠣᠷᠳᠣᠨ ᠤ  ᠨᠠᠷᠢᠨ ᠪᠢᠴᠢᠭ ᠤᠨ ᠳᠡᠳ᠋ ᠳᠠᠷᠤᠭ᠎ᠠ ᠯᠢᠦ ᠪᠥᠸᠧ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠧᠶ ᠴᠠᠩ ᠴᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
C:\Users\Administrator\Desktop\1.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠧ ᠳ᠋ᠤᠤ ᠸᠠᠨ ᠽᠢ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ᠂ ᠰᠧ ᠳ᠋ᠤᠤ ᠸᠠᠨ ᠽᠢ ᠪᠠᠯᠭᠠᠰᠤᠨ ᠤ ᠸᠧᠶ ᠰᠢᠶᠠᠨ ᠶᠢᠩᠽᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠤᠬᠠᠶ ᠶᠢᠨ ᠲᠠᠯᠠᠪᠤᠷ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠪᠠᠷ ᠳᠡᠮᠵᠢᠨ ᠮᠠᠨ ᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠣᠶᠢᠯᠠᠭᠠᠪᠠ᠃    ᠰᠠᠭᠤᠳᠠᠯ ᠤᠨ ᠬᠤᠷᠠᠯ ᠳᠡᠭᠡᠷ᠎ᠡ᠂ ᠪᠦᠦ ᠯᠢᠨ ᠵᠢᠶᠠ ᠮᠠᠨ ᠤ ᠬᠤᠰᠢᠭᠤᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ᠂ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠵᠡᠷᠭᠡ ᠲᠠᠯ᠎ᠠ ᠪᠠᠷ ᠲᠣᠪᠴᠢ ᠬᠠᠷᠢᠭᠤ ᠮᠡᠳᠡᠭᠦᠯᠦᠯᠲᠡ ᠬᠢᠪᠠ᠃
C:\Users\Administrator\Desktop\2.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠲᠠᠨᠢᠯᠲᠠ ᠪᠠᠨ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠤᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠨᠵᠡᠭᠡᠶ ᠣᠶᠢᠯᠠᠭᠠᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤᠮᠳᠠ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠳᠣᠪᠤᠶᠢᠯᠭᠠᠨ᠂ ᠠᠤᠬᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠦᠷᠭᠦᠯᠵᠢᠯᠡᠬᠦ ᠪᠥᠭᠡᠳ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
C:\Users\Administrator\Desktop\3.jpg
    ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠵᠣᠬᠢᠴᠠᠯᠳᠤᠨ ᠬᠠᠮᠵᠢᠯᠴᠠᠬᠤ ᠪᠠᠨ ᠭᠦᠨᠵᠡᠭᠡᠶᠢᠷᠡᠭᠦᠯᠵᠦ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠳᠠᠭᠠᠳᠬᠠᠯ᠂ ᠣᠷᠣᠨ ᠲᠤᠭ᠎ᠠ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠡᠳ᠋ ᠤᠨ ᠵᠠᠰᠠᠭ ᠤᠨ ᠪᠠᠲᠤᠯᠠᠭ᠎ᠠ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠡᠮᠴᠢᠯᠡᠭᠡᠨ ᠤ ᠪᠠᠲᠤᠯᠠᠭ᠎ᠠ᠂ ᠠᠵᠢᠯᠲᠠᠨ ᠤ ᠶᠠᠪᠤᠳᠠᠯ ᠤᠨ ᠣᠷᠣᠨ ᠲᠤᠭ᠎ᠠ ᠵᠡᠷᠭᠡ ᠭᠤᠤᠯᠳᠠᠯᠭ᠎ᠠ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号