ᠮᠠᠨ ᠤ ᠬᠤᠰᠢᠭᠤ 2024 ᠣᠨ ᠤ ᠭᠤᠤᠯᠳᠠᠯᠭ᠎ᠠ ᠲᠠᠢ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/11
     ᠣᠶᠢᠷ᠎ᠠ ᠳᠤ᠂ ᠮᠠᠨ ᠤ ᠬᠤᠰᠢᠭᠤ 2024 ᠣᠨ ᠤ ᠭᠤᠤᠯᠳᠠᠯᠭ᠎ᠠ ᠲᠠᠢ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠡᠯ᠎ᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠤᠤᠯ ᠬᠠᠷᠢᠭᠤᠴᠠᠯᠭᠠᠲᠠᠨ ᠵᠡᠷᠭᠡ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃    2024 ᠣᠨ ᠳᠤ᠂ ᠠᠤᠬᠠᠨ ᠬᠤᠰᠢᠭᠤ ᠭᠤᠤᠯᠳᠠᠯᠭ᠎ᠠ ᠲᠠᠢ ᠳᠥᠯᠭᠢᠨ ᠠᠬᠢᠭᠤᠯᠬᠤ ᠳᠤ ᠬᠤᠯᠪᠣᠭᠳᠠᠭᠰᠠᠨ 9 ᠰᠢᠨ᠎ᠡ ᠡᠨᠧᠷᠭᠢ ᠶᠢᠨ ᠲᠥᠷᠥᠯ ᠵᠦᠢᠯ ᠪᠠᠶᠢᠵᠤ᠂ 2 ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠵᠦ᠂ 4 ᠲᠥᠷᠥᠯ ᠵᠦᠢᠯ ᠢ ᠨᠢᠭᠡᠨᠲᠡ ᠴᠣᠬᠤᠯᠠᠪᠤᠷᠢᠯᠠᠨ ᠬᠠᠷᠢᠭᠤᠯᠵᠤ᠂ ᠨᠢᠭᠡᠨᠲᠡ 3 ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠡᠷ᠎ᠡ ᠲᠣᠭᠲᠠᠵᠤ  ᠭᠦᠢᠴᠡᠳᠬᠡᠵᠦ ᠪᠠᠶᠢᠨ᠎ᠠ᠃ ᠲᠤᠰ ᠤᠳᠠᠭ᠎ᠠ ᠶᠢᠨ ᠬᠤᠷᠠᠯ ᠠᠴᠠ ᠭᠤᠣᠯᠳᠠᠭᠤ 9 ᠰᠢᠨ᠎ᠡ ᠡᠨᠧᠷᠭᠢ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠵᠥᠪᠳᠡᠯᠴᠡᠵᠦ᠂ ᠡᠯ᠎ᠡ ᠵᠦᠢᠯ ᠤᠨ ᠬᠠᠷᠠᠯᠲᠠ ᠶᠢᠨ ᠠᠬᠢᠴᠠ ᠶᠢᠨ ᠪᠠᠶᠢᠳᠠᠯ ᠢ ᠭᠦᠢᠴᠡᠳ ᠣᠶᠢᠯᠠᠭᠠᠵᠤ᠂ ᠡᠯ᠎ᠡ ᠲᠦᠷᠦᠯ ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠥᠪᠳᠡᠯᠴᠡᠨ ᠰᠢᠢᠳᠪᠦᠷᠢᠯᠡᠪᠡ᠃ ᠵᠠᠩ ᠴᠢ ᠬᠠᠩ ᠠᠴᠠ᠄ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠬᠠᠮᠵᠢᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠠᠬᠢᠭᠤᠯᠵᠤ᠂ ᠡᠯ᠎ᠡ ᠠᠵᠤ ᠠᠬᠤᠶᠢᠯᠠᠯ ᠤᠨ ᠬᠢᠨ ᠪᠠᠰᠠ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号