ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠳᠤ ᠡᠯᠰᠡᠬᠦ ᠪᠠᠷ ᠪᠠᠶᠢᠭ᠎ᠠ ᠲᠥᠷᠥᠯ ᠵᠦᠢᠯ ᠤᠨ ᠰᠣᠷᠣᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/11
    7 ᠰᠠᠷ᠎ᠠ ᠶᠢᠨ 10 ᠤ ᠡᠳᠦᠷ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠳᠤ ᠠᠵᠢᠯᠲᠠᠨ ᠡᠯᠰᠡᠬᠦ ᠪᠠᠷ ᠪᠠᠶᠢᠭ᠎ᠠ ᠬᠢᠷᠢ ᠬᠡᠮ ᠤᠨ ᠬᠢᠨᠠᠨ ᠪᠠᠶᠢᠴᠠᠭᠠᠯᠲᠠ ᠬᠢᠪᠠ᠃ ᠬᠢᠷᠢ ᠬᠡᠮ ᠤᠨ ᠬᠢᠨᠠᠨ ᠪᠠᠶᠢᠴᠠᠭᠠᠯᠲᠠ ᠪᠠᠷ ᠳᠠᠮᠵᠢᠭᠠᠳ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠨᠢ ᠡᠯᠰᠡᠬᠦ ᠨᠥᠬᠦᠴᠡᠯ ᠳᠤ ᠨᠡᠶᠢᠴᠡᠬᠦ ᠠᠵᠢᠯᠲᠠᠨ 33 ᠬᠥᠮᠦᠨ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠯᠰᠡᠬᠦ ᠨᠥᠬᠦᠴᠡᠯ ᠳᠤ ᠨᠡᠶᠢᠴᠡᠬᠦ ᠬᠥᠮᠦᠨ 73 ᠪᠠᠶᠢᠪᠠ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠨᠡ ᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠤᠷᠢᠳᠴᠢᠯᠠᠨ ᠲᠥᠯᠥᠪᠯᠡᠵᠦ᠂ ᠠᠯᠬᠤᠮ ᠬᠤᠪᠢᠶᠠᠨ ᠨᠠᠶᠢᠳᠠᠪᠤᠷᠢᠵᠢᠭᠤᠯᠵᠤ᠂ ︽ᠭᠤᠷᠪᠠ ᠶᠢ ᠴᠢᠩᠭᠠᠳᠬᠠᠬᠤ︾ ᠪᠠᠷ ᠬᠢᠷᠢ ᠬᠡᠮ ᠢ ᠬᠢᠨᠠᠨ ᠪᠠᠶᠢᠴᠠᠭᠠᠬᠤ ᠰᠢᠯᠭᠠᠭᠤᠯᠤᠭᠴᠢ ᠶᠢᠨ ᠲᠤᠬᠠᠶ ᠶᠢᠨ ᠲᠠᠯᠠᠪᠤᠷ ᠤᠨ ᠬᠢᠷᠢ ᠬᠡᠮ ᠢ ᠬᠢᠨᠠᠨ ᠬᠠᠷᠭᠤᠭᠤᠯᠬᠤ ᠶᠢ ᠤᠷᠤᠭᠰᠢᠲᠠᠶ᠂ ᠡᠮᠬᠢ ᠵᠢᠷᠤᠮ ᠲᠠᠢ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠷᠢ ᠬᠡᠮ ᠢ ᠬᠢᠨᠠᠨ ᠬᠠᠷᠭᠤᠭᠤᠯᠬᠤ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠬᠢᠨᠠᠨ ᠬᠠᠷᠭᠤᠭᠤᠯᠬᠤ ᠠᠵᠢᠯᠲᠠᠨ ᠳᠤ ᠤᠷᠢᠳᠴᠢᠯᠠᠨ ᠲᠤᠬᠠᠶᠢᠯᠠᠭᠰᠠᠨ ᠠᠵᠢᠯ ᠤᠨ  ᠪᠣᠯᠪᠠᠰᠤᠷᠠᠯ ᠬᠢᠵᠦ᠂ ᠲᠤᠬᠠᠶ ᠶᠢᠨ ᠲᠠᠯᠠᠪᠤᠷ ᠤᠨ ᠬᠢᠨᠠᠨ ᠬᠠᠷᠭᠤᠭᠤᠯᠬᠤ ᠠᠵᠢᠯᠲᠠᠨ ᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠬᠦ᠂ ᠬᠢᠨᠠᠨ ᠪᠠᠶᠢᠴᠠᠭᠠᠬᠤ ᠨᠥᠬᠦᠴᠡᠯ ᠢ ᠲᠣᠳᠣᠷᠬᠠᠶ ᠣᠶᠢᠯᠠᠭᠠᠬᠤ᠂ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠵᠢᠷᠤᠮᠵᠢᠭᠤᠯᠬᠤ᠂ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠲᠣᠳᠣᠷᠬᠠᠶᠢᠯᠠᠬᠤ ᠶᠢ ᠪᠠᠲᠤᠯᠠᠬᠤ ᠶᠢᠨ ᠬᠠᠮᠲᠤ ︽ᠬᠡᠨ ᠬᠢᠨᠠᠨ ᠬᠠᠷᠭᠤᠭᠤᠯᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠲᠤᠬᠠᠶ ᠶᠢᠨ ᠲᠠᠯᠠᠪᠤᠷ ᠤᠨ ᠬᠢᠷᠢ ᠬᠡᠮ ᠢ ᠬᠢᠨᠠᠨ ᠬᠠᠷᠭᠤᠭᠤᠯᠬᠤ ᠠᠵᠢᠯ ᠤᠨ ᠣᠨᠣᠪᠴᠢᠲᠠᠶ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠪᠠ᠃    ︵ᠬᠤᠶᠠᠷ︶ ᠠᠵᠢᠯ ᠤᠨ ᠰᠠᠬᠢᠯᠭ᠎ᠠ ᠪᠠᠲᠤ ᠶᠢ  ᠴᠢᠩᠭᠠᠳᠬᠠᠪᠠ᠃ ᠬᠢᠨᠠᠨ ᠬᠠᠷᠭᠤᠭᠤᠯᠬᠤ ᠠᠵᠢᠯ ᠤᠨ ᠲᠤᠰᠬᠠᠶ ᠠᠩᠭᠢ ᠶᠢᠨ ᠬᠢᠨ ︽2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︿ᠭᠤᠷᠪᠠ ᠶᠢ ᠳᠡᠮᠵᠢᠵᠦ ᠨᠢᠭᠡ ᠶᠢ ᠲᠡᠳᠬᠦᠬᠦ﹀᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠡᠯᠰᠡᠬᠦ ᠬᠢᠷᠢ ᠬᠡᠮ ᠢ ᠬᠢᠨᠠᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ︽ᠴᠢᠩᠭ᠎ᠠ ᠨᠢᠮᠪᠠᠶ ᠵᠢᠷᠤᠮᠵᠢᠭᠤᠯᠤᠨ᠂ ᠨᠠᠷᠢᠨ ᠬᠢᠨᠠᠮᠠᠭᠠᠶ︾ ᠵᠠᠷᠴᠢᠮ ᠶᠣᠰᠣᠭᠠᠷ᠂ ︽ᠪᠠᠷᠢᠮᠵᠢᠶ᠎ᠠ ᠨᠢᠭᠡᠳᠦᠯᠲᠡᠶ︾ ᠪᠠᠶᠢᠬᠤ ᠶᠢ ᠪᠠᠷᠢᠮᠲᠠᠯᠠᠨ᠂ ᠬᠢᠨᠠᠨ ᠬᠠᠷᠭᠤᠭᠤᠯᠬᠤ ᠠᠵᠢᠯ ᠤᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠵᠤ᠂ ᠲᠤᠬᠠᠶ ᠶᠢᠨ ᠲᠠᠯᠠᠪᠤᠷ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢᠨ ᠲᠣᠭᠲᠠᠭᠤᠨ ᠪᠥᠭᠡᠳ ᠤᠷᠤᠭᠰᠢᠲᠠᠶ ᠶᠠᠪᠤᠭᠳᠠᠬᠤ ᠶᠢ ᠬᠦᠴᠦᠲᠡᠶ  ᠠᠬᠢᠭᠤᠯᠪᠠ᠃    ︵ᠭᠤᠷᠪᠠ︶ ᠦᠢᠯᠡᠴᠢᠯᠡᠭᠡᠨ ᠤ ᠪᠠᠲᠤᠯᠠᠭ᠎ᠠ ᠶᠢ  ᠴᠢᠩᠭᠠᠳᠬᠠᠪᠠ᠃ ᠬᠢᠨᠠᠨ ᠬᠠᠷᠭᠤᠭᠤᠯᠬᠤ ᠠᠵᠢᠯ ᠡᠬᠢᠯᠡᠬᠦ ᠠᠴᠠ ᠡᠮᠦᠨ᠎ᠡ᠂ ᠠᠵᠢᠯ ᠤᠨ ᠲᠤᠰᠬᠠᠶ ᠠᠩᠭᠢ ᠨᠡᠶᠢᠭᠡᠮ ᠳᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠵᠠᠷᠯᠠᠨ ᠨᠡᠶᠢᠲᠡᠯᠡᠵᠦ᠂ ᠰᠢᠯᠭᠠᠭᠤᠯᠤᠭᠴᠢ ᠳᠤ ᠴᠠᠭ ᠲᠤᠬᠠᠶ ᠳᠤᠨᠢ ᠠᠰᠠᠭᠤᠨ ᠯᠠᠪᠯᠠᠬᠤ ᠬᠠᠷᠢᠭᠤᠯᠲᠠ ᠥᠭᠬᠦ ᠦᠢᠯᠡᠴᠢᠯᠡᠭᠡ ᠬᠠᠩᠭᠠᠬᠤ ᠶᠢᠨ ᠬᠠᠮᠲᠤ ᠠᠷᠭ᠎ᠠ ᠵᠠᠮ ᠤᠨ ᠵᠢᠯᠣᠭᠤᠳᠣᠯᠭ᠎ᠠ᠂ ᠲᠤᠬᠠᠶ ᠶᠢᠨ ᠲᠠᠯᠠᠪᠤᠷ ᠤᠨ ᠬᠢᠷᠢ ᠬᠡᠮ ᠢ ᠬᠢᠨᠠᠨ ᠪᠠᠶᠢᠴᠠᠭᠠᠬᠤ ᠮᠠᠲ᠋ᠧᠷᠢᠶᠠᠯ ᠵᠡᠷᠭᠡ ᠬᠠᠮᠢᠶ᠎ᠠ ᠪᠥᠬᠦᠶ ᠵᠦᠢᠯᠡᠰ ᠤᠨ ᠬᠠᠭᠤᠳᠠᠰᠤ ᠨᠠᠭᠠᠬᠤ ᠳᠤ ᠬᠠᠯᠠᠭᠤᠨ ᠳᠣᠲᠣᠨᠣ ᠰᠠᠨᠠᠭᠤᠯᠤᠮᠵᠢ ᠬᠠᠩᠭᠠᠪᠠ︔ ᠬᠢᠨᠠᠨ ᠬᠠᠷᠭᠤᠭᠤᠯᠬᠤ ᠲᠤᠬᠠᠶ ᠶᠢᠨ ᠲᠠᠯᠠᠪᠤᠷ ᠲᠤ ᠲᠠᠪᠤᠨ ᠬᠢᠨᠠᠨ ᠬᠠᠷᠭᠤᠭᠤᠯᠬᠤ ᠴᠣᠩᠬᠤᠪᠴᠢ ᠭᠠᠷᠭᠠᠵᠤ᠂ ︽ᠨᠢᠭᠡ ᠳᠤ ᠨᠢᠭᠡ ᠶᠢ ᠬᠠᠷᠭᠤᠭᠤᠯᠬᠤ︾ ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠬᠤ᠂ ᠨᠠᠷᠢᠨ ᠨᠢᠮᠪᠠᠶ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠢᠯᠭᠠᠭᠤᠯᠤᠭᠴᠢ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠣᠲᠣᠨᠣᠴᠢᠯᠠᠭᠰᠠᠨ᠂ ᠬᠠᠯᠠᠭᠤᠨ ᠳᠤᠯᠠᠭᠠᠨ ᠬᠢᠷᠢ ᠬᠡᠮ ᠢ ᠬᠢᠨᠠᠨ ᠬᠠᠷᠭᠤᠭᠤᠯᠬᠤ ᠦᠢᠯᠡᠴᠢᠯᠡᠭᠡ ᠬᠠᠩᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号