ᠰᠢᠨ ᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ᠦᠶᠡᠷ ᠢ ᠰᠡᠷᠭᠡᠶᠢᠯᠡᠬᠦ ᠪᠠᠶᠢᠴᠠᠭᠠᠯᠲᠠ ᠬᠢᠵᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/7/12
     ᠪᠠᠰᠠ ᠨᠢᠭᠡ ᠵᠢᠯ ᠤᠨ ᠦᠶᠡᠷ ᠤᠨ ᠬᠤᠭᠤᠴᠠᠭ᠎ᠠ ᠪᠣᠯᠣᠯ᠎ᠠ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠰᠢᠨ ᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ  ᠭᠠᠵᠠᠷ ᠤᠨ ᠭᠤᠤᠯ ᠬᠠᠷᠢᠭᠤᠴᠠᠯᠭᠠᠲᠠᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠲᠠᠢ ᠬᠠᠮᠲᠤ ᠶᠡᠷᠦᠩᠬᠡᠶ ᠭᠤᠤᠯ ᠤᠨ ᠳᠠᠷᠤᠭ᠎ᠠ ᠶᠢᠨ ᠭᠤᠤᠯ ᠴᠠᠭᠳᠠᠬᠤ ᠠᠵᠢᠯ ᠢ ᠥᠷᠨᠢᠭᠦᠯᠵᠦ᠂ ᠦᠶᠡᠷ ᠢ ᠰᠡᠷᠭᠡᠶᠢᠯᠡᠵᠦ ᠦᠶᠡᠷ  ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ  ᠪᠠᠶᠢᠴᠠᠭᠠᠯᠲᠠ ᠬᠢᠪᠠ᠃    ᠪᠠᠶᠢᠴᠠᠭᠠᠬᠤ ᠳᠤᠭᠤᠶᠢᠯᠠᠩ ᠤᠨ ᠬᠢᠨ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠠᠮᠤᠷ ᠲᠦᠪᠰᠢᠨ ᠢ ᠪᠠᠲᠤᠯᠠᠬᠤ︾ ᠵᠠᠷᠴᠢᠮ ᠶᠣᠰᠣᠭᠠᠷ᠂ ᠬᠠᠷᠢᠶ᠎ᠠ ᠣᠷᠣᠨ ᠤ ᠦᠶᠡᠷ ᠢ ᠰᠡᠷᠭᠡᠶᠢᠯᠡᠬᠦ ᠰᠤᠪᠠᠭ ᠤᠨ ᠭᠤᠣᠯ ᠵᠠᠮ ᠪᠣᠯᠤᠨ ᠭᠤᠣᠯ ᠤᠨ ᠳᠡᠳ᠋  ᠵᠠᠮ᠂ ᠬᠤᠲᠣᠭᠤᠷ ᠭᠠᠵᠠᠷ᠂ ᠤᠰᠤ ᠥᠩᠭᠡᠷᠡᠬᠦ ᠵᠠᠮ᠂ ᠬᠥᠭᠦᠷᠭᠡ᠂ ᠭᠤᠯᠳᠤᠩ ᠨᠦᠬᠡ᠂ ᠠᠮᠠᠷᠬᠠᠨ ᠦᠶᠡᠷ ᠪᠠᠭᠤᠬᠤ᠂ ᠭᠠᠵᠠᠷ ᠳᠣᠣᠷᠠᠬᠢ ᠵᠡᠭᠡᠯᠢ ᠵᠡᠷᠭᠡ ᠭᠤᠣᠯᠳᠠᠯᠭ᠎ᠠ ᠲᠠᠢ ᠭᠠᠵᠠᠷ ᠪᠣᠯᠤᠨ ᠲᠦᠭᠰᠢᠭᠦᠷᠢᠲᠦ ᠪᠠᠶᠢᠳᠠᠯ ᠳᠤ ᠭᠦᠨᠵᠡᠭᠡᠶᠢᠷᠡᠨ ᠲᠣᠣᠷᠯᠢᠭ ᠬᠡᠯᠪᠡᠷᠢ ᠪᠠᠷ ᠵᠢᠭᠰᠠᠭᠠᠨ ᠪᠠᠶᠢᠴᠠᠭᠠᠯᠲᠠ ᠬᠢᠵᠦ᠂ ᠦᠶᠡᠷ ᠢ ᠰᠡᠷᠭᠡᠶᠢᠯᠡᠵᠦ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠪᠡᠯᠡᠳᠬᠡᠯ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠵᠠᠩᠭᠢᠯᠠᠭ᠎ᠠ ᠶᠢᠨ ᠴᠡᠭ ᠨᠢᠭᠡᠪᠦᠷᠢ ᠶᠢᠨ ᠦᠶᠡᠷ ᠤᠨ ᠬᠤᠭᠤᠴᠠᠭ᠎ᠠ ᠶᠢ ᠲᠣᠭᠲᠠᠭᠤᠨ ᠢᠶᠠᠷ ᠥᠩᠭᠡᠷᠡᠭᠦᠯᠬᠦ ᠶᠢ ᠪᠠᠲᠤᠯᠠᠪᠠ᠃    ᠪᠠᠶᠢᠴᠠᠭᠠᠬᠤ ᠳᠤᠭᠤᠶᠢᠯᠠᠩ ᠠᠴᠠ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠣᠰᠬᠤᠨ ᠤ ᠪᠦᠬᠦ ᠺᠠᠳ᠋ᠷᠴᠤᠳ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠶᠡᠷ ᠢ ᠰᠡᠷᠭᠡᠶᠢᠯᠡᠵᠦ ᠦᠶᠡᠷ  ᠤᠨ ᠬᠤᠭᠤᠴᠠᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠢ ᠨᠠᠷᠢᠯᠢᠭ ᠬᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠠᠭᠤᠭᠠᠯᠢ ᠠᠷᠠᠳ ᠤᠯᠠᠨ ᠤ ᠦᠶᠡᠷ ᠢ ᠰᠡᠷᠭᠡᠶᠢᠯᠡᠵᠦ ᠦᠶᠡᠷ  ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠤᠬᠠᠭᠤᠯᠭ᠎ᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠠᠶᠢᠲᠤᠷ ᠬᠢᠵᠦ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠱᠤᠭᠤᠮ ᠢ ᠪᠠᠲᠤ ᠴᠣᠭᠴᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠬᠤᠳᠠ ᠶᠢᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号