ᠹᠧᠩᠱᠸᠦ ᠰᠢᠶᠠᠩ᠄ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠠᠮᠢᠳᠤᠯᠢᠭ ᠢᠶᠠᠷ ᠬᠡᠷᠡᠭᠯᠡᠨ ᠬᠦᠭᠵᠢᠭᠦᠯᠦᠨ ᠮᠠᠨᠳᠤᠭᠤᠯᠬᠤ ᠵᠠᠮ ᠢ  ᠦᠷᠭᠡᠳᠭᠡᠨ᠎ᠡ
ᠨᠡᠶᠢᠲᠡᠯᠡᠭᠰᠡᠨ ᠴᠠᠭ᠄
2024/7/12
      ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠵᠢᠯ ᠤᠨ ᠪᠠᠶᠢᠷᠢ ᠶᠢ ᠵᠣᠬᠢᠰᠲᠠᠶ  ᠲᠣᠬᠢᠷᠠᠭᠤᠯᠤᠨ᠎ᠠ᠃ ᠹᠧᠩᠱᠸᠦ ᠰᠢᠶᠠᠩ ᠡᠯ᠎ᠡ ᠲᠣᠰᠬᠤᠨ ᠤ ᠪᠠᠶᠢᠳᠠᠯ ᠢ ᠦᠨᠳᠦᠰᠦᠯᠡᠨ᠂ ᠨᠡᠶᠢᠲᠡ 179 ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠭᠠᠷᠭᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠢᠨᠠᠨ ᠬᠡᠮᠵᠢᠬᠦ ᠡᠲᠡᠭᠡᠳ ᠲᠤ ︽ᠬᠡᠷ ᠤᠨ ᠡᠭᠦᠳᠡᠨ︾ ᠳᠤᠨᠢ ᠠᠵᠢᠯ ᠤᠯᠬᠤ ᠲᠣᠬᠢᠶᠠᠯ ᠬᠠᠩᠭᠠᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ︽ᠲᠥᠪᠯᠡᠷᠡᠭᠦᠯᠦᠨ ᠬᠡᠷᠡᠭᠯᠡᠬᠦ᠂ ᠨᠢᠭᠡ ᠠᠵᠢᠯᠲᠠᠨ ᠢ ᠣᠯᠠᠨ ᠲᠠᠯ᠎ᠠ ᠪᠠᠷ ᠬᠡᠷᠡᠭᠯᠡᠬᠦ︾ ᠠᠷᠭ᠎ᠠ ᠮᠠᠶ᠋ᠢᠭ ᠢ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠶᠢᠭᠡᠮ ᠤᠨ ᠴᠢᠳᠠᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠦᠭᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠲᠥᠪᠬᠢᠨᠡᠭᠦᠯᠵᠦ ᠠᠵᠢᠯ ᠣᠯᠭᠤᠨ ᠂ ᠬᠦᠴᠢᠷᠳᠡᠯ ᠢ ᠨᠢ ᠰᠢᠢᠳᠪᠦᠷᠢᠯᠡᠨ ᠣᠷᠣᠯᠭ᠎ᠠ ᠶᠢ ᠨᠢ ᠨᠡᠮᠡᠭᠳᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠨᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ ᠥᠭᠴᠦ ᠣᠷᠣᠯᠭ᠎ᠠ ᠶᠢ ᠨᠢ ᠨᠡᠮᠡᠭᠳᠡᠭᠦᠯᠦᠭᠰᠡᠨ ᠮᠥᠷᠲᠡᠭᠡᠨ ᠪᠠᠰᠠ ᠠᠵᠢᠯ ᠣᠯᠭᠤᠯᠲᠠ ᠶᠢ ᠠᠬᠢᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ ᠲᠡᠭᠦᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠵᠢᠯ ᠤᠨ ᠪᠠᠶᠢᠷᠢ ᠳᠡᠭᠡᠷ᠎ᠡ ᠬᠥᠮᠦᠨ ᠤ ᠠᠮᠢᠳᠤᠷᠠᠯ ᠤᠨ ᠦᠨ᠎ᠡ ᠦᠷᠳᠡᠭ ᠢ ᠢᠯᠡᠷᠡᠭᠦᠯᠪᠡ᠃ ᠵᠠᠷᠢᠮ ᠲᠣᠰᠬᠤᠨ ᠤ ᠠᠷᠠᠳ  ᠤᠨ ᠭᠡᠷ ᠤᠨ ᠪᠠᠶᠢᠳᠠᠯ ᠨᠢ ᠭᠡᠨᠡᠳᠲᠡ ᠬᠤᠪᠢᠷᠠᠯᠲᠠ ᠭᠠᠷᠴᠤ᠂ ᠲᠣᠰᠬᠤᠨ ᠤ ︽ᠬᠤᠶᠠᠷ ᠵᠥᠪᠯᠡᠯ︾ ᠭᠡᠷ ᠲᠤᠨᠢ ᠬᠦᠷᠴᠦ ᠰᠢᠨᠵᠢᠯᠡᠨ ᠪᠠᠶᠢᠴᠠᠭᠠᠵᠤ᠂ ᠲᠣᠬᠢᠷᠠᠮᠵᠢᠲᠠᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠠᠨᠢᠯᠴᠠᠭᠤᠯᠵᠤ᠂ ᠲᠣᠰᠬᠤᠨ ᠤ ᠠᠷᠠᠳ ᠢ ᠬᠠᠪᠰᠤᠷᠤᠨ ᠬᠦᠴᠢᠷ ᠢ ᠬᠠᠮᠲᠤᠪᠠᠷ ᠲᠤᠭᠤᠯᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠨᠢ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠥᠮᠦᠰ ᠢ ᠲᠥᠪᠯᠡᠷᠡᠭᠦᠯᠦᠨ ᠪᠣᠯᠪᠠᠰᠤᠷᠠᠬᠤ ᠪᠠᠷ ᠳᠠᠮᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠤᠨ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠤᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠲᠤᠯᠭᠠᠭᠤᠷᠢ ᠬᠦᠴᠦᠨ ᠪᠣᠯᠭᠠᠵᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠦᠵᠡᠰᠬᠦᠯᠡᠩᠲᠦ ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃    ᠬᠦᠳᠡᠯᠦᠩᠭᠦᠢ ᠪᠠᠷ ᠲᠣᠬᠢᠷᠠᠭᠤᠯᠵᠤ᠂ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠶᠢᠨ ᠲᠥᠯᠥᠭᠡ᠂ ᠡᠯ᠎ᠡ ᠲᠣᠰᠬᠤᠨ ᠤ ᠬᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠲᠤ ᠰᠠᠷ᠎ᠠ ᠪᠠᠷ ᠠᠵᠢᠯ ᠳᠤ ᠭᠠᠷᠬᠤ ᠶᠢ ᠰᠢᠯᠭᠠᠨ ᠬᠢᠨᠠᠵᠤ᠂ ᠰᠢᠯᠭᠠᠨ ᠬᠢᠨᠠᠬᠤ ᠶᠠᠪᠤᠴᠠ ᠳᠤ ᠠᠵᠢᠯ ᠤᠨ ᠪᠠᠶᠢᠷᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ ᠵᠢᠴᠢ ᠰᠢᠯᠭᠠᠨ ᠬᠢᠨᠠᠬᠤ ᠳᠤ ᠬᠢᠷᠢ ᠲᠡᠩᠴᠡᠭᠰᠡᠨ ᠥᠬᠡᠶ ᠬᠥᠮᠦᠰ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃ ᠡᠭᠦᠨ ᠤ ᠬᠠᠮᠲᠤ᠂ ᠡᠳᠦᠷ ᠲᠤᠲᠤᠮ ᠤᠨ ᠬᠠᠮᠢᠶᠠᠷᠤᠯᠲᠠ ᠶᠢ ᠴᠢᠬᠤᠯᠠᠴᠢᠯᠠᠵᠤ᠂ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠤᠨ ᠮᠡᠳᠡᠭᠡ ᠵᠠᠩᠭᠢ ᠶᠢᠨ ᠡᠬᠡ ᠲᠠᠩᠰᠠ ᠪᠠᠶᠢᠭᠤᠯᠵᠤ᠂ ᠠᠵᠢᠯ ᠤᠨ ᠪᠠᠶᠢᠷᠢ ᠳᠤ ᠭᠠᠷᠤᠭᠰᠠᠨ ᠬᠥᠮᠦᠰ ᠤᠨ ᠰᠢᠨ᠎ᠡ ᠪᠠᠷ ᠨᠡᠮᠡᠭᠳᠡᠭᠦᠯᠬᠦ᠂ ᠳᠣᠭᠢᠷᠠᠭᠤᠯᠬᠤ᠂ ᠤᠬᠤᠷᠢᠨ ᠭᠠᠷᠬᠤ ᠶᠢ ᠬᠥᠳᠡᠯᠦᠩᠭᠦᠶ ᠪᠠᠷ ᠰᠢᠨᠡᠳᠬᠡᠨ᠂ ᠠᠵᠢᠯᠲᠠᠨ᠂ ᠠᠵᠢᠯ ᠤᠨ ᠪᠠᠶᠢᠷᠢ ᠶᠢᠨ ᠦᠨᠡᠨ ᠪᠣᠳᠠᠲᠤ ᠴᠢᠨᠠᠷ ᠢ ᠦᠨᠡᠨ ᠬᠦ ᠪᠠᠲᠤᠯᠠᠵᠤ᠂ ︽ᠬᠡᠯᠪᠡᠷᠢ ᠶᠢ ᠨᠢ ᠥᠭᠡᠷᠡᠲᠦᠭᠦᠯᠦᠨ ᠵᠣᠭᠤᠰ ᠣᠯᠭᠤᠬᠤ︾ ︽ᠬᠥᠮᠦᠨ ᠤ ᠠᠵᠢᠯ ᠤᠨ ᠪᠠᠶᠢᠷᠢ ᠡᠪ ᠥᠬᠡᠶ ᠪᠠᠶᠢᠬᠤ︾ ᠵᠡᠷᠭᠡ ᠦᠵᠡᠭᠳᠡᠯ ᠢ ᠲᠠᠰᠤ ᠵᠣᠭᠰᠣᠭᠠᠬᠤ ᠬᠡᠷᠡᠭᠲᠡᠶ᠃    ᠳᠠᠷᠠᠭᠠᠴᠢ ᠶᠢᠨ ᠠᠯᠬᠤᠮ ᠳᠤ᠂  ᠹᠧᠩᠱᠸᠦ ᠰᠢᠶᠠᠩ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠳᠤ ᠦᠢᠯᠡᠴᠢᠯᠡᠬᠦ ᠴᠢᠳᠠᠮᠵᠢ ᠶᠢ ᠪᠠᠳᠠᠷᠠᠭᠤᠯᠵᠤ᠂ ᠬᠦᠴᠢᠷᠳᠡᠯᠲᠡᠢ ᠬᠥᠮᠥᠰ ᠤᠨ ᠠᠵᠢᠯ ᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠬᠤᠣᠰ ᠠᠮᠵᠢᠯᠲᠠ ᠶᠢ ᠪᠠᠲᠤᠯᠠᠬᠤ ᠵᠠᠮ ᠢ ᠬᠠᠶᠢᠨ ᠰᠦᠪᠡᠭᠴᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号