ᠤᠷᠤᠢ ᠶᠢᠨ ᠰᠦᠮ᠎ᠡ ᠰᠤᠮᠤ 2024 ᠣᠨ ᠤ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/15
    7 ᠰᠠᠷ᠎ᠠ ᠶᠢᠨ 12 ᠤᠨ ᠡᠳᠦᠷ᠂ ᠤᠷᠤᠢ ᠶᠢᠨ ᠰᠦᠮ᠎ᠡ ᠰᠤᠮᠤ 2024 ᠣᠨ ᠤ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠪᠠ᠃ ᠰᠤᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠥᠷᠲᠡᠭᠡ ᠭᠠᠵᠠᠷ᠂ ᠡᠯ᠎ᠡ ᠭᠠᠴᠠᠭᠠᠨ ᠤ ᠭᠤᠤᠯ ᠬᠠᠷᠢᠭᠤᠴᠠᠯᠭᠠᠲᠠᠨ᠂ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠠᠴᠠ 2024 ᠣᠨ ᠤ ᠳᠡᠭᠡᠷ᠎ᠡ ᠬᠠᠭᠠᠰ ᠵᠢᠯ ᠤᠨ ᠣᠷᠤᠢ ᠶᠢᠨ ᠰᠦᠮ᠎ᠡ ᠰᠣᠮᠤ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠡᠯ᠎ᠡ ᠭᠠᠴᠠᠭᠠᠨ ᠤ ᠡᠯ᠎ᠡ ᠰᠢᠭᠤᠳ ᠬᠠᠷᠢᠶ᠎ᠠ ᠨᠢᠭᠡᠴᠡ ᠶᠢᠨ ᠬᠠᠮᠢᠶ᠎ᠠ ᠪᠥᠬᠦᠶ ᠥᠷᠲᠡᠭᠡ ᠭᠠᠵᠠᠷ ᠨᠢ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ ᠥᠷᠨᠢᠭᠦᠯᠦᠭᠰᠡᠨ ᠪᠠᠶᠢᠳᠠᠯ ᠢ ᠲᠣᠰ ᠲᠣᠰ ᠬᠠᠷᠢᠭᠤ ᠮᠡᠳᠡᠭᠦᠯᠵᠦ᠂ ᠬᠤᠷᠠᠯ ᠠᠴᠠ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠲᠤᠯᠭᠠᠷᠠᠵᠤ ᠪᠠᠶᠢᠭ᠎ᠠ ᠪᠠᠶᠢᠳᠠᠯ ᠢ ᠰᠤᠳᠤᠯᠤᠨ ᠵᠠᠳᠠᠯᠤᠭᠰᠠᠨ ᠤ ᠬᠠᠮᠲᠤ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠭᠠᠴᠠᠭ᠎ᠠ ᠡᠯ᠎ᠡ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠰᠡᠷᠭᠡᠭ ᠢᠶᠠᠷ ᠲᠠᠨᠢᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠣᠳᠠᠲᠠᠶ ᠪᠥᠭᠡᠳ ᠴᠢᠩᠭ᠎ᠠ ᠠᠳᠬᠤᠵᠤ᠂ ᠪᠥᠬᠦ ᠰᠤᠮᠤ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠥᠭᠡᠳᠡᠯᠡᠨ ᠳᠠᠪᠰᠢᠬᠤ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠭᠤᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠳᠠᠯᠠᠵᠤ᠂ ᠲᠦᠷᠢᠮ ᠢᠶᠠᠷ ᠬᠥᠮᠦᠨ ᠢ ᠬᠠᠮᠢᠶᠠᠷᠴᠤ ᠤᠴᠢᠷ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠲᠦᠷᠢᠮ ᠤᠨ ᠬᠠᠲᠠᠭᠤ ᠬᠡᠷᠡᠭᠵᠢᠭᠦᠯᠦᠯᠲᠡ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ᠂ ᠭᠤᠣᠯᠯᠠᠨ ᠵᠢᠯᠣᠭᠤᠳᠬᠤ ᠶᠢ ᠴᠢᠩᠭᠠᠳᠬᠠᠬᠤ᠂ ᠭᠤᠣᠯ ᠤᠷᠤᠰᠬᠠᠯ ᠢ ᠠᠳᠬᠤᠬᠤ᠂ ᠵᠢᠭᠰᠠᠭᠠᠯ ᠤᠨ ᠭᠠᠵᠠᠷ ᠢ ᠪᠠᠬᠢᠵᠢᠭᠦᠯᠬᠦ᠂ ᠬᠤᠷᠢᠭ᠎ᠠ ᠱᠤᠭᠤᠮ ᠢ ᠰᠠᠬᠢᠬᠤ ᠶᠢ ᠪᠠᠷᠢᠮᠲᠠᠯᠠᠵᠤ᠂ ᠬᠠᠷᠢᠶ᠎ᠠ ᠣᠷᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠦᠵᠡᠰᠬᠦᠯᠡᠩᠲᠦ ᠰᠠᠶᠢᠬᠠᠨ ᠮᠠᠯᠵᠢᠬᠤ ᠣᠷᠣᠨ ᠢ ᠪᠦᠳᠦᠬᠡᠨ ᠪᠠᠶᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢᠶᠠᠨ ᠦᠨᠡᠨ ᠬᠦ ᠴᠢᠩᠭᠠᠳᠬᠠᠵᠤ᠂ ᠤᠯᠤᠰ ᠲᠥᠷᠥ ᠶᠢᠨ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠤᠷᠢᠳᠴᠢᠯᠠᠨ ᠰᠤᠳᠤᠯᠵᠤ ᠤᠷᠢᠳᠴᠢᠯᠠᠨ ᠮᠠᠭᠠᠳᠯᠠᠬᠤ ᠶᠢ ᠴᠢᠩᠭᠠᠳᠬᠠᠨ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ ᠂ ᠡᠷᠲᠡ ᠢᠯᠡᠷᠡᠭᠦᠯᠵᠦ᠂ ᠪᠠᠭ᠎ᠠ ᠳᠡᠭᠡᠷ᠎ᠡ ᠨᠢ ᠰᠢᠢᠳᠪᠦᠷᠢᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠪᠥᠬᠦ ᠰᠤᠮᠤ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号