ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠳᠤ ᠬᠦᠴᠦᠨ ᠨᠡᠮᠡᠷᠢᠯᠡᠵᠦ᠂ ᠭᠠᠵᠠᠷ ᠵᠦᠶ ᠶᠢᠨ ᠲᠡᠮᠲᠡᠭ ᠲᠠᠢ ᠲᠠᠸᠠᠷ ᠤᠨ ᠲᠡᠮᠲᠡᠭᠲᠦ ᠢ ᠰᠠᠶᠢᠲᠤᠷ  ᠬᠡᠷᠡᠭᠯᠡᠨ᠎ᠡ
ᠨᠡᠶᠢᠲᠡᠯᠡᠭᠰᠡᠨ ᠴᠠᠭ᠄
2024/7/15
    ᠭᠠᠵᠠᠷ ᠵᠦᠶ ᠶᠢᠨ ᠲᠡᠮᠳᠡᠭ ᠤᠨ ᠲᠤᠰᠬᠠᠶ ᠲᠡᠮᠲᠡᠭᠲᠦ ᠬᠡᠷᠡᠭᠯᠡᠬᠦ ᠶᠢ ᠢᠳᠡᠪᠬᠢᠲᠡᠶ ᠳᠡᠯᠭᠡᠷᠡᠭᠦᠯᠵᠦ᠂ ᠥᠷᠭᠡᠨ ᠣᠯᠠᠨ ᠠᠵᠤ ᠠᠬᠤᠶᠢᠯᠠᠯ ᠳᠤ ᠭᠠᠵᠠᠷ ᠵᠦᠶ ᠶᠢᠨ ᠲᠡᠮᠲᠡᠭ ᠲᠠᠢ ᠲᠠᠸᠠᠷ ᠤᠨ ᠲᠡᠮᠲᠡᠭᠲᠦ ᠶᠢᠨ ᠥᠷᠲᠡᠭ ᠢ  ᠭᠦᠢᠴᠡᠳ ᠲᠠᠨᠢᠭᠤᠯᠬᠤ ᠶᠢᠨ ᠬᠠᠮᠲᠤ ᠪᠦᠲᠦᠮᠵᠢᠲᠡᠶ ᠠᠰᠢᠭᠯᠠᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠶ ᠬᠥᠳᠡᠯᠦᠯᠴᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠭᠠᠵᠠᠷ ᠵᠦᠶ ᠶᠢᠨ ᠲᠡᠮᠳᠡᠭ ᠤᠨ ᠲᠠᠸᠠᠷ ᠤᠨ ᠲᠡᠮᠲᠡᠭᠲᠦ ᠬᠡᠷᠡᠭᠯᠡᠬᠦ ᠠᠵᠢᠯ ᠢ ᠵᠢᠯᠣᠭᠤᠳᠪᠠ᠃    ᠬᠢᠨᠠᠨ ᠬᠠᠮᠢᠶᠠᠷᠬᠤ ᠠᠵᠢᠯᠲᠠᠨ ︽ᠠᠤᠬᠠᠨ ᠤ ᠨᠠᠷᠢᠮᠤ︾ ᠶᠢᠨ ᠭᠠᠵᠠᠷ ᠵᠦᠶ ᠶᠢᠨ ᠲᠡᠮᠳᠡᠭ ᠤᠨ ᠲᠤᠰᠬᠠᠶ ᠲᠡᠮᠲᠡᠭᠲᠦ ᠶᠢ ᠵᠢᠷᠤᠮᠵᠢᠭᠤᠯᠤᠨ ᠬᠡᠷᠡᠭᠯᠡᠬᠦ ᠵᠢᠴᠢ ᠬᠠᠮᠢᠶᠠᠷᠤᠯᠲᠠ ᠶᠢᠨ ᠠᠰᠠᠭᠤᠳᠠᠯ ᠤᠨ ᠲᠤᠬᠠᠶ ᠪᠥᠬᠦ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠪᠥᠭᠡᠳ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠡᠭᠦᠨ ᠤ ᠬᠠᠮᠲᠤ᠂ ᠠᠵᠤ ᠠᠬᠤᠶᠢᠯᠠᠯ ᠢ ᠳᠠᠭᠠᠭᠤᠯᠤᠨ ︽ᠭᠠᠵᠠᠷ ᠵᠦᠶ ᠶᠢᠨ ᠲᠡᠮᠳᠡᠭ ᠤᠨ ᠲᠤᠰᠬᠠᠶ ᠲᠡᠮᠲᠡᠭᠲᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠨᠠᠷᠢᠨ ᠬᠢᠨᠠᠮᠠᠭᠠᠶ ᠰᠤᠷᠤᠯᠴᠠᠬᠤ ᠶᠢᠨ ᠬᠠᠮᠲᠤ ᠠᠵᠤ ᠠᠬᠤᠶᠢᠯᠠᠯ ᠤᠨ ᠣᠳᠣᠬᠠᠨ ᠤ ︽ᠠᠤᠬᠠᠨ ᠤ ᠨᠠᠷᠢᠮᠤ︾ ᠶᠢ ᠬᠡᠷᠡᠭᠯᠡᠬᠦ ᠭᠠᠵᠠᠷ ᠵᠦᠶ ᠶᠢᠨ ᠲᠡᠮᠳᠡᠭ ᠤᠨ ᠲᠤᠰᠬᠠᠶ ᠲᠡᠮᠲᠡᠭᠲᠦ ᠶᠢ ᠬᠡᠷᠡᠭᠯᠡᠬᠦ ᠪᠣᠳᠠᠲᠠᠶ ᠪᠠᠶᠢᠳᠠᠯ ᠢ ᠨᠠᠷᠢᠨ ᠣᠶᠢᠯᠠᠭᠠᠵᠤ ᠂ ᠠᠵᠤ ᠠᠬᠤᠶᠢᠯᠠᠯ ᠢ ᠵᠢᠯᠣᠭᠤᠳᠤᠨ ᠲᠡᠮᠳᠡᠭ ᠬᠡᠷᠡᠭᠯᠡᠬᠦ ᠶᠢ ᠵᠢᠷᠤᠮᠵᠢᠭᠤᠯᠵᠤ᠂ ᠲᠡᠮᠳᠡᠭ ᠬᠡᠷᠡᠭᠯᠡᠬᠦ ᠶᠢ ᠳᠠᠩᠰᠠᠯᠠᠬᠤ ᠠᠵᠢᠯ ᠢ ᠰᠠᠶᠢᠲᠤᠷ ᠬᠢᠵᠦ᠂ ᠲᠤᠰᠬᠠᠶ ᠲᠡᠮᠲᠡᠭᠲᠦ ᠶᠢᠨ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠪᠡ᠃ ᠬᠢᠨᠠᠨ ᠬᠠᠮᠢᠶᠠᠷᠬᠤ ᠠᠵᠢᠯᠲᠠᠨ ᠪᠠᠰᠠ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ᠂ ᠬᠥᠮᠥᠷᠭᠡ ᠳᠣᠲᠣᠷ᠎ᠠ ᠦᠢᠯᠡᠳᠪᠦᠷᠢᠯᠡᠭᠰᠡᠨ ︽ᠠᠤᠬᠠᠨ ᠤ ᠨᠠᠷᠢᠮᠤ︾ ᠶᠢᠨ ᠭᠠᠵᠠᠷ ᠵᠦᠶ ᠶᠢᠨ ᠲᠡᠮᠲᠡᠭ ᠲᠠᠢ ᠦᠢᠯᠡᠳᠬᠦᠨ ᠤ ᠪᠣᠭᠤᠳᠠᠯ ᠪᠠᠭᠯᠠᠭ᠎ᠠ᠂ ᠵᠠᠷ ᠮᠡᠳᠡᠭᠡ᠂ ᠲᠡᠮᠳᠡᠭ ᠬᠠᠳᠠᠬᠤ ᠵᠡᠷᠭᠡ ᠪᠠᠶᠢᠳᠠᠯ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠠᠵᠠᠷ ᠵᠦᠶ ᠶᠢᠨ ᠲᠡᠮᠳᠡᠭ ᠤᠨ ᠲᠤᠰᠬᠠᠶ ᠲᠡᠮᠲᠡᠭᠲᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠶᠣᠰᠣᠨ ᠤ ᠬᠡᠷᠡᠭᠯᠡᠭᠴᠢ ᠶᠢᠨ ᠵᠢᠷᠤᠮᠵᠢᠯ ᠲᠠᠢ ᠪᠠᠷ ᠲᠤᠰᠬᠠᠶ ᠲᠡᠮᠲᠡᠭᠲᠦ ᠶᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠲᠤᠰᠬᠠᠶ ᠬᠡᠷᠡᠭᠯᠡᠬᠦ ᠲᠡᠮᠲᠡᠭᠲᠦ ᠶᠢ ᠬᠡᠷᠡᠭᠯᠡᠬᠦ ᠬᠥᠮᠦᠨ ᠤ ᠬᠠᠮᠢᠶᠠᠷᠤᠯᠲᠠ ᠶᠢᠨ ᠵᠢᠷᠤᠮᠵᠢᠯ ᠪᠤᠶᠤ ᠬᠠᠮᠢᠶ᠎ᠠ ᠪᠦᠬᠦᠢ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠤᠨ ᠶᠣᠰᠣᠭᠠᠷ ᠦᠢᠯᠡᠳᠪᠦᠷᠢᠯᠡᠨ ᠡᠵᠡᠩᠨᠡᠬᠦ ᠶᠢ ᠵᠣᠬᠢᠶᠠᠨ ᠪᠠᠶᠢᠭᠤᠯᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠠᠵᠠᠷ ᠤᠨ ᠬᠠᠷᠢᠶᠠᠯᠠᠯ ᠤᠨ ᠡᠷᠬᠡᠲᠦ ᠨᠢᠭᠡᠴᠡ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠶ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号