ᠠᠤᠬᠠᠨ ᠬᠤᠰᠢᠭᠤ 2023 ᠣᠨ ᠤ ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠰᠠᠭᠤᠷᠢ ᠮᠥᠩᠭᠦ ᠶᠢᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/7/15
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽2023 ᠣᠨ ᠤ ᠲᠥᠪ ᠤᠨ ᠤᠰᠤᠨ ᠴᠥᠭᠦᠷᠥᠮ ᠤᠨ ᠨᠡᠭᠦᠳᠡᠯ ᠠᠷᠠᠳ ᠢ ᠲᠡᠳᠬᠦᠬᠦ ᠰᠠᠭᠤᠷᠢ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ ᠣᠶᠢᠷ᠎ᠠ ᠳᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠶᠠᠪᠤᠳᠠᠯ᠂ ᠲᠥᠷᠥᠯ ᠵᠦᠢᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ᠂ 2023 ᠣᠨ ᠤ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠰᠠᠭᠤᠷᠢ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠬᠢᠨᠠᠮᠠᠭᠠᠶ ᠥᠷᠨᠢᠭᠦᠯᠵᠦ᠂ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ 120 ᠬᠤᠪᠢ ᠲᠠᠷᠬᠠᠭᠠᠵᠤ᠂ 2023 ᠣᠨ ᠤ ᠲᠥᠪ ᠤᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠳᠡᠮᠵᠢᠯᠭᠡ ᠶᠢᠨ ᠰᠠᠭᠤᠷᠢ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠠᠵᠢᠯ ᠢ ᠪᠡᠶᠡᠯᠡᠭᠦᠯᠵᠦ᠂ ᠠᠷᠠᠳ ᠢ ᠨᠡᠭᠦᠯᠭᠡᠬᠦ ᠪᠠᠯᠠ ᠮᠥᠩᠭᠦ ᠶᠢ ᠪᠣᠳᠠᠲᠠᠶᠢᠵᠢᠭᠤᠯᠬᠤ ᠵᠢᠴᠢ ᠰᠠᠯᠭᠠᠨ ᠥᠭᠬᠦ ᠪᠠ ᠲᠥᠷᠥᠯ ᠵᠦᠢᠯ ᠢ ᠬᠡᠷᠡᠭᠵᠢᠭᠦᠯᠬᠦ ᠬᠠᠮᠢᠶᠠᠷᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠪᠠᠷᠢᠮᠵᠢᠶ᠎ᠠ ᠲᠠᠢ ᠬᠠᠷᠢᠴᠠᠭᠤᠯᠤᠨ᠂ ᠠᠤᠬᠠᠨ ᠬᠤᠰᠢᠭᠤᠨ ᠤ 2023 ᠣᠨ ᠤ ᠲᠥᠪ ᠤᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠳᠡᠮᠵᠢᠯᠭᠡ ᠶᠢᠨ ᠰᠠᠭᠤᠷᠢ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠭᠰᠡᠨ ᠮᠡᠳᠡᠭᠦᠯᠦᠯᠲᠡ ᠶᠢ ᠪᠣᠶ ᠪᠣᠯᠭᠠᠵᠤ᠂ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠬᠠᠨᠤᠮᠵᠢ ᠶᠢᠨ ᠨᠣᠷᠮ᠎ᠠ ᠶᠢ 100% ᠳᠤ ᠬᠦᠷᠦᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠪᠠ ᠬᠤᠪᠢ ᠣᠯᠵᠤ᠂ ᠮᠠᠨ ᠤ ᠬᠤᠰᠢᠭᠤᠨ ᠤ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠠᠵᠢᠯ ᠢ ᠦᠷᠭᠦᠯᠵᠢᠯᠡᠨ ᠥᠷᠨᠢᠭᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号