| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ︽2023 ᠣᠨ ᠤ ᠲᠥᠪ ᠤᠨ ᠤᠰᠤᠨ ᠴᠥᠭᠦᠷᠥᠮ ᠤᠨ ᠨᠡᠭᠦᠳᠡᠯ ᠠᠷᠠᠳ ᠢ | ᠲᠡᠳᠬᠦᠬᠦ ᠰᠠᠭᠤᠷᠢ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ | ᠵᠣᠷᠢᠭ ᠰᠠᠨᠠᠭ᠎ᠠ ᠶᠣᠰᠣᠭᠠᠷ᠂ ᠣᠶᠢᠷ᠎ᠠ ᠳᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠡᠳ᠋ ᠤᠨ ᠶᠠᠪᠤᠳᠠᠯ᠂ ᠲᠥᠷᠥᠯ ᠵᠦᠢᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ | ᠪᠠᠶᠢᠭᠤᠯᠵᠤ᠂ 2023 ᠣᠨ ᠤ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ | ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠰᠠᠭᠤᠷᠢ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ | ᠠᠵᠢᠯ ᠢ ᠬᠢᠨᠠᠮᠠᠭᠠᠶ ᠥᠷᠨᠢᠭᠦᠯᠵᠦ᠂ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠬᠠᠨᠤᠮᠵᠢ ᠶᠢᠨ ᠬᠡᠮᠵᠢᠶ᠎ᠡ ᠶᠢᠨ | ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ 120 ᠬᠤᠪᠢ ᠲᠠᠷᠬᠠᠭᠠᠵᠤ᠂ 2023 ᠣᠨ ᠤ ᠲᠥᠪ ᠤᠨ | ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠳᠡᠮᠵᠢᠯᠭᠡ ᠶᠢᠨ ᠰᠠᠭᠤᠷᠢ ᠮᠥᠩᠭᠦ ᠶᠢᠨ ᠠᠵᠢᠯ ᠤᠨ ᠠᠮᠵᠢᠯᠲᠠ | ᠪᠦᠲᠦᠮᠵᠢ ᠶᠢ ᠥᠪᠡᠰᠦᠪᠡᠨ ᠦᠨᠡᠯᠡᠬᠦ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠠᠵᠢᠯ ᠢ ᠪᠡᠶᠡᠯᠡᠭᠦᠯᠵᠦ᠂ ᠠᠷᠠᠳ ᠢ | ᠨᠡᠭᠦᠯᠭᠡᠬᠦ ᠪᠠᠯᠠ ᠮᠥᠩᠭᠦ ᠶᠢ ᠪᠣᠳᠠᠲᠠᠶᠢᠵᠢᠭᠤᠯᠬᠤ ᠵᠢᠴᠢ ᠰᠠᠯᠭᠠᠨ ᠥᠭᠬᠦ ᠪᠠ ᠲᠥᠷᠥᠯ ᠵᠦᠢᠯ ᠢ ᠬᠡᠷᠡᠭᠵᠢᠭᠦᠯᠬᠦ | ᠬᠠᠮᠢᠶᠠᠷᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ | ᠪᠠᠷᠢᠮᠵᠢᠶ᠎ᠠ ᠲᠠᠢ ᠬᠠᠷᠢᠴᠠᠭᠤᠯᠤᠨ᠂ ᠠᠤᠬᠠᠨ ᠬᠤᠰᠢᠭᠤᠨ ᠤ 2023 ᠣᠨ ᠤ ᠲᠥᠪ ᠤᠨ ᠤᠰᠤᠨ ᠴᠥᠭᠦᠷᠥᠮ ᠤᠨ | ᠠᠷᠠᠳ ᠢ ᠨᠡᠭᠦᠯᠭᠡᠬᠦ ᠳᠡᠮᠵᠢᠯᠭᠡ ᠶᠢᠨ ᠰᠠᠭᠤᠷᠢ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ | ᠦᠨᠡᠯᠡᠭᠰᠡᠨ ᠮᠡᠳᠡᠭᠦᠯᠦᠯᠲᠡ ᠶᠢ ᠪᠣᠶ ᠪᠣᠯᠭᠠᠵᠤ᠂ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠬᠠᠨᠤᠮᠵᠢ ᠶᠢᠨ | ᠨᠣᠷᠮ᠎ᠠ ᠶᠢ 100% ᠳᠤ ᠬᠦᠷᠦᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠶᠡᠷᠦᠩᠬᠡᠶᠢᠯᠡᠭᠰᠡᠨ ᠦᠨᠡᠯᠡᠯᠲᠡ | ᠪᠠ ᠬᠤᠪᠢ ᠣᠯᠵᠤ᠂ ᠮᠠᠨ ᠤ ᠬᠤᠰᠢᠭᠤᠨ ᠤ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠠᠵᠢᠯ ᠢ ᠦᠷᠭᠦᠯᠵᠢᠯᠡᠨ | ᠥᠷᠨᠢᠭᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠪᠡ᠃ | | |