ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ᠂ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/16
     ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠭᠡᠬᠦ ᠶᠢᠨ ᠲᠥᠯᠥᠭᠡ᠂ ︽ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ 2024 ᠣᠨ ᠤ ︿ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ ᠬᠤᠪᠢᠶᠠᠬᠤ﹀ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ︾ ᠶᠢᠨ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ︽ᠨᠢᠭᠡ ᠤᠳᠠᠭ᠎ᠠ ᠬᠦᠷᠪᠡᠯ᠂ ᠣᠯᠠᠨ ᠵᠦᠢᠯ ᠤᠨ ᠶᠠᠪᠤᠳᠠᠯ ᠢ ᠪᠠᠶᠢᠴᠠᠭᠠᠬᠤ︾ ᠶᠢ ᠪᠡᠶᠡᠯᠡᠭᠦᠯᠵᠦ᠂ ︽ᠬᠡᠨ ᠪᠠᠶᠢᠴᠠᠭᠠᠪᠠᠯ ᠬᠡᠨ ᠣᠷᠣᠭᠤᠯᠬᠤ ᠬᠡᠨ ᠢᠯᠡ ᠪᠣᠯᠭᠠᠬᠤ︾ ᠵᠠᠷᠴᠢᠮ ᠶᠣᠰᠣᠭᠠᠷ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠲᠠᠢ ᠬᠠᠮᠲᠤᠷᠠᠨ 2024 ᠣᠨ ᠤ 6 ᠰᠠᠷ᠎ᠠ ᠶᠢᠨ 20 ᠤ ᠡᠳᠦᠷ ᠬᠤᠶᠠᠷ ᠭᠠᠷᠠᠭ ᠤᠨ ᠬᠤᠭᠤᠴᠠᠭ᠎ᠠ ᠲᠠᠢ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠡᠬᠢᠯᠡᠭᠦᠯᠪᠡ᠃ ᠬᠢᠨᠠᠨ ᠬᠠᠮᠢᠶᠠᠷᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠰ ᠤᠳᠠᠭᠠᠨ ᠤ ᠪᠠᠶᠢᠴᠠᠭᠠᠬᠤ ᠠᠵᠢᠯᠯᠠᠭ᠎ᠠ ᠨᠢ 30 ᠬᠥᠮᠦᠨ ᠬᠡᠷᠡᠭᠯᠡᠬᠦ ᠨᠢᠭᠡᠴᠡ ᠶᠢ ᠲᠠᠰᠢᠷᠠᠮ ᠢᠶᠠᠷ ᠰᠣᠩᠭᠤᠨ ᠠᠪᠴᠤ᠂ ᠬᠠᠤᠯᠢ ᠬᠡᠷᠡᠭᠵᠢᠭᠦᠯᠬᠦ ᠠᠵᠢᠯᠲᠠᠨ ᠲᠠᠢ  ᠲᠠᠰᠢᠷᠠᠮ ᠢᠶᠠᠷ ᠵᠣᠬᠢᠴᠠᠭᠤᠯᠪᠠ᠃ ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠳᠤ ᠬᠦᠷᠦᠭᠰᠡᠨ ᠤ ᠳᠠᠷᠠᠭ᠎ᠠ᠂ ᠠᠵᠤ ᠠᠬᠤᠶᠢᠯᠠᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠪᠠᠶᠢᠴᠠᠭᠠᠨ ᠦᠵᠡᠵᠦ᠂ ᠨᠢᠭᠡ ᠨᠢᠭᠡ ᠪᠠᠷ ᠪᠠᠶᠢᠴᠠᠭᠠᠬᠤ ᠶᠢᠨ ᠬᠠᠮᠲᠤ ᠬᠥᠮᠦᠨ ᠬᠡᠷᠡᠭᠯᠡᠬᠦ ᠨᠢᠭᠡᠴᠡ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠳᠦᠷᠢᠮ︾᠂ ︽ᠬᠥᠯᠥᠰᠥᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃    ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠵᠠᠰᠠᠭ ᠤᠨ ᠣᠷᠳᠣᠨ ᠤ ᠰᠦᠯᠵᠢᠶ᠎ᠡ ᠵᠢᠴᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠢᠯᠡ ᠨᠡᠶᠢᠲᠡᠯᠡᠵᠦ᠂ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠢ ᠴᠠᠭ ᠲᠤᠬᠠᠶ ᠳᠤᠨᠢ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号