ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠠᠵᠠᠷ ᠤᠨ ᠬᠢᠨ ᠰᠢᠶᠠᠩ ᠪᠠᠯᠭᠠᠰᠤᠨ ᠤ ᠵᠠᠬ᠎ᠠ ᠳᠡᠯᠭᠡᠭᠦᠷ ᠲᠤ ᠭᠦᠨᠵᠡᠭᠡᠶᠢᠷᠡᠨ ᠬᠡᠮᠵᠢᠯᠲᠡ ᠶᠢᠨ ᠪᠠᠶᠢᠴᠠᠭᠠᠨ ᠲᠣᠭᠲᠠᠭᠠᠬᠤ ᠦᠢᠯᠡᠴᠢᠯᠡᠭᠡ ᠥᠷᠨᠢᠭᠦᠯᠪᠡ
ᠨᠡᠶᠢᠲᠡᠯᠡᠭᠰᠡᠨ ᠴᠠᠭ᠄
2024/7/16
    ᠠᠷᠠᠳ ᠤᠨ ᠠᠮᠢᠳᠤᠷᠠᠯ ᠤᠨ ᠬᠡᠮᠵᠢᠯᠲᠡ ᠨᠢ ᠠᠷᠠᠳ ᠣᠯᠠᠨ ᠤ ᠠᠮᠤᠷ ᠲᠦᠪᠰᠢᠨ᠂ ᠡᠷᠡᠭᠦᠯ ᠮᠡᠨᠳᠦ ᠪᠠ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠣᠶᠢᠷ᠎ᠠ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ ᠨᠢ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠰᠢᠶᠠᠩ ᠪᠠᠯᠭᠠᠰᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ  ᠡᠯᠧᠺᠲᠷᠣᠨ ᠦᠨ᠎ᠡ ᠪᠤᠳᠤᠬᠤ ᠵᠢᠩ ᠵᠡᠷᠭᠡ ᠬᠡᠮᠵᠢᠯᠲᠡ ᠶᠢᠨ ᠪᠠᠭᠠᠵᠢ ᠬᠡᠷᠡᠭᠰᠡᠯ ᠢ ᠡᠮᠬᠢ ᠵᠢᠷᠤᠮ ᠲᠠᠢ ᠪᠠᠷ ᠰᠢᠯᠭᠠᠨ ᠲᠣᠭᠲᠠᠭᠠᠬᠤ ᠠᠵᠢᠯ ᠢ ᠥᠷᠨᠢᠭᠦᠯᠪᠡ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠨᠢ  ᠡᠷᠲᠡᠨ ᠤ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠪᠢ ᠶᠢᠨ ᠳᠡᠯᠭᠡᠭᠦᠷ ᠪᠠ ᠨᠡᠭᠦᠳᠡᠯ ᠳᠡᠯᠭᠡᠭᠦᠷᠴᠢᠨ ᠵᠡᠷᠭᠡ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠡᠷᠡᠭᠯᠡᠯᠲᠡ ᠶᠢ ᠭᠤᠤᠯᠳᠠᠯᠭ᠎ᠠ ᠲᠠᠢ ᠪᠠᠷ ᠲᠥᠪᠯᠡᠷᠡᠭᠦᠯᠦᠨ ᠴᠡᠭᠴᠡᠯᠡᠨ ᠵᠠᠰᠠᠵᠤ᠂ ᠭᠤᠤᠯᠳᠠᠭᠤ ᠬᠡᠷᠡᠭᠯᠡᠵᠦ ᠪᠠᠶᠢᠭ᠎ᠠ ᠡᠯᠧᠺᠲᠷᠣᠨ ᠬᠡᠮᠵᠢᠭᠦᠷ ᠨᠢ ᠰᠢᠯᠭᠠᠨ ᠲᠣᠭᠲᠠᠭᠠᠭᠠᠳ ᠬᠢᠷᠢ ᠲᠡᠩᠴᠡᠭᠰᠡᠨ ᠡᠰᠡᠬᠦ ᠶᠢ ᠰᠢᠯᠭᠠᠨ ᠲᠣᠭᠲᠠᠭᠠᠵᠤ᠂ ᠬᠡᠮᠵᠢᠯᠲᠡ ᠶᠢᠨ ᠪᠠᠭᠠᠵᠢ ᠬᠡᠷᠡᠭᠰᠡᠯ  ᠨᠢ ᠡᠪᠳᠡᠭᠰᠡᠨ ᠡᠰᠡᠬᠦ᠂ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠠᠰᠢᠭᠯᠠᠨ ᠬᠡᠮ ᠬᠢᠬᠦ᠂ ᠲᠠᠸᠠᠷ ᠪᠣᠷᠣᠯᠠᠭᠤᠯᠤᠭᠰᠠᠨ ᠵᠢᠩ  ᠳᠤᠲᠠᠭᠤ ᠵᠡᠷᠭᠡ ᠬᠡᠷᠡᠭᠯᠡᠭᠴᠢᠳ ᠢ ᠮᠡᠬᠡᠯᠡᠭᠰᠡᠨ ᠵᠡᠷᠭᠡ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠡᠭᠦᠨ ᠤ ᠬᠠᠮᠲᠤ᠂ ᠡᠵᠡᠩᠨᠡᠯᠲᠡ ᠵᠢᠴᠢ ᠬᠡᠷᠡᠭᠯᠡᠭᠴᠢᠳ ᠲᠤ ᠦᠨ᠎ᠡ ᠪᠣᠳᠣᠵᠤ ᠵᠢᠩᠯᠡᠭᠦᠷ ᠢ ᠬᠡᠷᠡᠭᠯᠡᠬᠦ ᠳᠤ ᠠᠩᠬᠠᠷᠬᠤ ᠵᠦᠢᠯᠡᠰ ᠢ ᠤᠬᠠᠭᠤᠯᠵᠤ᠂ ᠬᠠᠮᠢᠶ᠎ᠠ ᠪᠥᠬᠦᠶ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠪᠠ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠤᠬᠠᠭᠤᠯᠵᠤ᠂ ᠡᠵᠡᠩᠨᠡᠭᠴᠢ ᠶᠢᠨ ᠬᠡᠮᠵᠢᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠡᠵᠡᠩᠨᠡᠭᠴᠢᠳ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠰᠢᠮᠳᠠᠭᠤᠯᠵᠤ᠂ ᠵᠠᠬ᠎ᠠ ᠳᠡᠯᠭᠡᠭᠦᠷ ᠤᠨ ᠲᠥᠪ ᠭᠤᠤᠯᠴᠢ ᠠᠷᠠᠯᠵᠢᠶ᠎ᠠ ᠶᠢ ᠦᠨᠳᠦᠰᠦᠨ ᠠᠴᠠ ᠨᠢ ᠠᠬᠢᠭᠤᠯᠤᠨ᠂ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ  ᠪᠣᠯᠭᠠᠪᠠ᠃    ᠬᠤᠶᠢᠰᠢᠳᠠ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠮᠵᠢᠯᠲᠡ ᠶᠢᠨ ᠵᠠᠬ᠎ᠠ ᠳᠡᠯᠭᠡᠭᠦᠷ ᠢ ᠦᠷᠭᠦᠯᠵᠢᠯᠡᠨ ᠵᠢᠷᠤᠮᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠢᠳᠡᠪᠬᠢᠲᠡᠶ ᠴᠢᠷᠮᠠᠶᠢᠯᠭ᠎ᠠ ᠭᠠᠷᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号