︽ᠪᠡᠭᠡᠵᠢᠩ ᠲᠢᠶᠠᠨᠵᠢᠨ ᠾᠧᠪᠧᠢ ᠰᠡᠳᠬᠢᠯᠭᠡ  ᠪᠠᠨ ᠠᠭᠤᠰᠤᠯᠴᠠᠭᠤᠯᠵᠤ  ᠪᠡᠭᠡᠵᠢᠩ ᠥᠪᠥᠷ ᠮᠣᠩᠭᠤᠯ ᠤᠨ ᠰᠡᠳᠬᠢᠯ ᠵᠢᠷᠦᠬᠡ ᠪᠠᠨ ᠬᠤᠯᠪᠤᠬᠤ︾ ᠥᠪᠥᠷ ᠮᠣᠩᠭᠤᠯ ᠤᠨ ᠠᠤᠬᠠᠨ ᠬᠤᠰᠢᠭᠤᠨ ᠤ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠪᠡᠭᠡᠵᠢᠩ ᠳᠤ ᠣᠷᠣᠭᠤᠯᠵᠤ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/16
         7 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠬᠤᠷᠢᠶ᠎ᠠ᠂ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠠᠤᠬᠠᠨ ᠬᠤᠰᠢᠭᠤᠨ ᠤ ᠯᠦᠩ ᠰᠢᠩ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠭᠰᠡᠨ ︽ᠪᠡᠭᠡᠵᠢᠩ ᠲᠢᠶᠠᠨᠵᠢᠨ ᠾᠧᠪᠧᠢ ᠰᠡᠳᠬᠢᠯᠭᠡ  ᠪᠠᠨ ᠠᠭᠤᠰᠤᠯᠴᠠᠭᠤᠯᠵᠤ  ᠪᠡᠭᠡᠵᠢᠩ ᠥᠪᠥᠷ ᠮᠣᠩᠭᠤᠯ ᠤᠨ ᠰᠡᠳᠬᠢᠯ ᠵᠢᠷᠦᠬᠡ ᠪᠠᠨ ᠬᠤᠯᠪᠤᠬᠤ︾ ᠥᠪᠥᠷ ᠮᠣᠩᠭᠤᠯ ᠤᠨ ᠠᠤᠬᠠᠨ ᠬᠤᠰᠢᠭᠤᠨ ᠤ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠤᠭᠤᠯᠵᠤ ᠲᠠᠨᠢᠯᠴᠠᠭᠤᠯᠬᠤ ᠠᠵᠢᠯᠯᠠᠭ᠎ᠠ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠤᠨ ᠡᠦ ᠺᠧ ᠰᠦᠩ ᠸᠠᠨ ᠳ᠋ᠠ ᠠᠭᠤᠳᠠᠮ ᠲᠠᠯᠠᠪᠠᠢ ᠳᠤ ᠶᠠᠪᠤᠭᠳᠠᠪᠠ᠃ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠳᠡᠳ᠋ ᠳᠠᠷᠤᠭ᠎ᠠ ᠰᠢᠶᠠᠩ ᠵᠢᠩ ᠶᠠᠩ᠂ ᠠᠵᠢᠯᠴᠢᠨ ᠤ ᠶᠡᠷᠦᠩᠬᠡᠶ ᠡᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᠬᠤᠩ ᠰᠢᠤᠢ ᠵᠢᠴᠢ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠂ ᠬᠤᠰᠢᠭᠤᠨ ᠤ ᠤᠳᠤᠷᠢᠳᠤᠯᠭ᠎ᠠ ᠮᠠ ᠯᠢ ᠬᠤᠸᠠ᠂ ᠵᠠᠩ  ᠢ᠂ ᠭᠦᠸᠧ ᠰᠢᠶᠤᠤ ᠴᠢᠶᠤᠤ᠂ ᠵᠢᠶ ᠰᠢᠤᠢ ᠳ᠋ᠦᠩ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠵᠠᠶ᠃
C:\Users\Administrator\Desktop\1.jpg
    ᠲᠣᠰ ᠤᠳᠠᠭᠠᠨ ᠤ ᠲᠠᠨᠢᠯᠴᠠᠭᠤᠯᠭ᠎ᠠ ᠶᠢᠨ ᠠᠵᠢᠯᠯᠠᠭ᠎ᠠ ᠨᠢ ︽ᠲᠠᠷᠢᠶᠠᠨ ᠭᠠᠵᠠᠷ ᠢ ᠳᠡᠯᠭᠡᠨ ᠦᠵᠡᠭᠦᠯᠵᠦ᠂ ᠠᠤᠬᠠᠨ ᠤ ᠦᠨᠦᠷ ᠠᠮᠲᠠ︾ ᠪᠠᠷ ᠭᠤᠤᠯ ᠰᠡᠳᠦᠪ ᠪᠣᠯᠭᠠᠵᠤ᠂ ᠠᠤᠬᠠᠨ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ  ᠶᠡᠷᠦᠩᠬᠡᠶᠢᠯᠡᠭᠰᠡᠨ ᠦᠵᠡᠭᠦᠯᠦᠯᠭᠡ ᠶᠢᠨ ᠲᠣᠭᠤᠷᠢᠭ᠂ ᠠᠤᠬᠠᠨ ᠬᠤᠰᠢᠭᠤᠨ ᠤ ᠨᠠᠷᠢᠮᠤ ᠶᠢᠨ ᠲᠤᠰᠬᠠᠶ ᠲᠣᠭᠤᠷᠢᠭ᠂ ︽ᠨᠢᠭᠡ ᠪᠠᠯᠭᠠᠰᠤ ᠨᠢᠭᠡ ᠪᠦᠲᠦᠭᠡᠭᠳᠡᠬᠦᠨ︾ ᠤ ᠦᠵᠡᠭᠦᠯᠦᠯᠭᠡ ᠶᠢᠨ ᠲᠣᠭᠤᠷᠢᠭ ᠪᠠ ᠰᠣᠶᠣᠯ ᠤᠨ ᠡᠭᠦᠳᠦᠯᠲᠡ ᠶᠢᠨ ᠦᠵᠡᠭᠦᠯᠭᠡ ᠶᠢᠨ ᠲᠣᠭᠤᠷᠢᠭ ᠵᠡᠷᠭᠡ 4 ᠦᠵᠡᠭᠦᠯᠦᠯᠭᠡ ᠶᠢᠨ ᠲᠣᠭᠤᠷᠢᠭ᠂ 30 ᠦᠵᠡᠭᠦᠯᠦᠯᠭᠡ ᠶᠢᠨ ᠪᠠᠶᠢᠷᠢ ᠭᠠᠷᠭᠠᠵᠤ᠂ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠣᠯᠠᠨ ᠲᠦᠮᠡᠨ ᠤ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ ᠲᠤᠷᠰᠢᠬᠤ᠂ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠵᠥᠪᠳᠡᠯᠴᠡᠭᠡ ᠵᠡᠷᠭᠡ ᠡᠯᠪᠡᠭ ᠪᠠᠶᠠᠯᠢᠭ ᠰᠢᠨ᠎ᠡ ᠰᠣᠷᠭᠤᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠥᠪᠯᠡᠷᠡᠭᠦᠯᠦᠨ ᠳᠡᠯᠭᠡᠨ ᠦᠵᠡᠭᠦᠯᠬᠦ᠂ ᠪᠡᠭᠡᠵᠢᠩ ᠲᠢᠶᠠᠨᠵᠢᠨ ᠾᠧᠪᠧᠢ ᠭᠠᠵᠠᠷ ᠣᠷᠣᠨ ᠢᠯᠠᠩᠭᠤᠶ᠎ᠠ ᠪᠡᠭᠡᠵᠢᠩ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠠᠤᠬᠠᠨ ᠬᠤᠰᠢᠭᠤᠨ ᠤ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠥᠪᠯᠡᠷᠡᠭᠦᠯᠦᠨ ᠳᠡᠯᠭᠡᠨ  ᠦᠵᠡᠭᠦᠯᠬᠦ᠂ ᠠᠤᠬᠠᠨ ᠬᠤᠰᠢᠭᠤᠨ ᠤ ᠦᠵᠡᠰᠬᠦᠯᠡᠩᠲᠦ ᠰᠠᠶᠢᠬᠠᠨ ᠠᠭᠤᠯᠠ ᠤᠰᠤ᠂ ᠰᠣᠶᠣᠯ ᠤᠨ ᠠᠭᠤᠯᠬᠤᠨ ᠵᠢᠴᠢ ᠡᠯᠪᠡᠭ ᠪᠠᠶᠠᠯᠢᠭ ᠡᠬᠢ ᠪᠠᠶᠠᠯᠢᠭ ᠢ ᠲᠠᠨᠢᠯᠴᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢᠨ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠨ᠂ ᠵᠠᠬ᠎ᠠ ᠳᠡᠯᠭᠡᠭᠦᠷ ᠤᠨ ᠠᠯᠳᠠᠷᠰᠢᠯ ᠢ ᠳᠡᠭᠡᠭᠰᠢᠯᠡᠭᠦᠯᠵᠦ᠂ ᠪᠡᠭᠡᠵᠢᠩ ᠲᠢᠶᠠᠨᠵᠢᠨ ᠾᠧᠪᠧᠶ ᠶᠢᠨ ᠬᠥᠭᠵᠢᠯᠲᠡ ᠶᠢᠨ ᠪᠠᠶᠢᠷᠢᠰᠢᠯ ᠳᠤ ᠤᠯᠠᠮ ᠨᠢᠭᠡ ᠠᠯᠬᠤᠮ ᠠᠭᠤᠰᠤᠯᠴᠠᠭᠤᠯᠤᠨ᠂ ᠬᠠᠷᠢᠯᠴᠠᠨ ᠬᠠᠪᠰᠤᠷᠴᠤ ᠬᠠᠷᠢᠯᠴᠠᠨ ᠬᠤᠪᠢᠶᠠᠯᠴᠠᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠪᠠ᠃
C:\Users\Administrator\Desktop\2.jpg
    ᠡᠬᠢᠯᠡᠯᠲᠡ ᠶᠢᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠴᠢᠶᠣᠤ ᠠᠮᠢ ᠠᠬᠤᠶ᠂ ᠰᠣᠶᠣᠯ ᠢᠷᠭᠡᠨᠰᠢᠯ ᠂ ᠣᠷᠣᠨ ᠪᠠᠶᠢᠷᠢ᠂ ᠠᠵᠤ ᠦᠢᠯᠡᠰ ᠵᠡᠷᠭᠡ ᠳᠥᠷᠪᠡᠨ ᠲᠠᠯ᠎ᠠ ᠪᠠᠷ ᠠᠤᠬᠠᠨ ᠬᠤᠰᠢᠭᠤᠨ ᠤ ᠬᠥᠭᠵᠢᠯᠲᠡ ᠶᠢᠨ ᠣᠨᠴᠠᠯᠢᠭ ᠪᠠ ᠳᠠᠪᠠᠭᠤᠯᠢᠭ ᠢ ᠲᠠᠨᠢᠯᠴᠠᠭᠤᠯᠪᠠ᠃ ᠲᠡᠷᠡ᠂ ︽  ᠪᠡᠭᠡᠵᠢᠩ ᠲᠢᠶᠠᠨᠵᠢᠨ ᠾᠧᠪᠧᠢ ᠰᠡᠳᠬᠢᠯᠭᠡ  ᠪᠠᠨ ᠠᠭᠤᠰᠤᠯᠴᠠᠭᠤᠯᠵᠤ  ᠪᠡᠭᠡᠵᠢᠩ ᠥᠪᠥᠷ ᠮᠣᠩᠭᠤᠯ ᠤᠨ ᠰᠡᠳᠬᠢᠯ ᠵᠢᠷᠦᠬᠡ ᠪᠠᠨ ᠬᠤᠯᠪᠤᠬᠤ︾ ᠠᠤᠬᠠᠨ ᠬᠤᠰᠢᠭᠤᠨ ᠤ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠪᠡᠭᠡᠵᠢᠩ ᠳᠤ  ᠣᠷᠤᠭᠤᠯᠵᠤ ᠲᠠᠨᠢᠯᠴᠠᠭᠤᠯᠬᠤ ᠠᠵᠢᠯᠯᠠᠭ᠎ᠠ ᠪᠣᠯ ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠣᠰ ᠴᠢᠭᠯᠡᠯ ᠢᠶᠠᠷ ᠤᠷᠤᠭᠰᠢᠯᠠᠬᠤ ᠶᠠᠪᠤᠳᠠᠯ ᠪᠣᠯᠤᠨ᠎ᠠ᠂ ᠮᠥᠨᠴᠦ ᠨᠢᠭᠡ ᠤᠳᠠᠭ᠎ᠠ ᠶᠢᠨ ᠭᠦᠨ ᠵᠤᠵᠠᠭᠠᠨ ᠬᠠᠶᠢᠷ᠎ᠠ ᠰᠡᠳᠬᠢᠯᠭᠡ ᠥᠨᠢ ᠤᠳᠠᠭᠠᠨ ᠤ ᠬᠠᠮᠵᠢᠯᠴᠠᠭᠠᠨ ᠤ ᠭᠡᠷ᠎ᠡ ᠪᠣᠯᠤᠨ᠎ᠠ᠃ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠪᠣᠷᠣᠭᠵᠢᠭᠤᠨ ᠠᠭᠤᠵᠢᠭᠤ ᠲᠠᠯᠪᠢᠭᠤ 60 ᠲᠦᠮᠡᠨ ᠠᠤᠬᠠᠨ ᠤ ᠠᠷᠠᠳ ᠲᠦᠮᠡᠨ ᠳᠥᠷᠪᠡᠨ ᠵᠦᠭ ᠤᠨ ᠵᠣᠴᠢᠳ  ᠤᠨ ᠰᠢᠨᠵᠢᠯᠡᠨ ᠪᠠᠶᠢᠴᠠᠭᠠᠬᠤ ᠂ ᠬᠠᠮᠲᠤᠷᠠᠨ ᠰᠣᠯᠢᠯᠴᠠᠭ᠎ᠠ ᠬᠢᠬᠦ ᠂ ᠪᠡᠯᠡ ᠣᠷᠤᠭᠤᠯᠵᠤ ᠦᠢᠯᠡᠰ ᠪᠣᠰᠬᠠᠬᠤ ᠶᠢ ᠬᠠᠯᠠᠭᠤᠨ ᠢᠶᠠᠷ ᠤᠭᠲᠤᠵᠤ ᠪᠠᠶᠢᠨ᠎ᠠ ᠭᠡᠪᠡ᠃    ᠪᠦᠲᠦᠭᠡᠭᠳᠡᠬᠦᠨ ᠢ ᠲᠠᠨᠢᠯᠴᠠᠭᠤᠯᠬᠤ ᠦᠵᠡᠭᠦᠯᠭᠡ ᠶᠢᠨ ᠲᠣᠭᠤᠷᠢᠭ ᠲᠤ᠂ ᠬᠥᠮᠦᠨ ᠬᠠᠷ᠎ᠠ ᠬᠤᠷᠠᠨ ᠴᠤᠭᠯᠠᠷᠠᠵᠤ᠂ ᠨᠠᠷᠢᠮᠤ᠂ ᠦᠬᠡᠷ ᠤᠨ ᠪᠣᠷᠴᠠ᠂ ᠴᠢᠴᠠᠷᠭᠠᠨ᠎ᠠ  ᠭᠦᠢᠯᠡᠰᠦᠨ ᠴᠥᠮ᠎ᠡ ᠶᠢᠨ ᠤᠮᠳᠠᠭᠠᠨ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠮᠠᠰᠢ ᠶᠡᠭᠡ ᠬᠦᠷᠢᠶᠡᠯᠡᠯ ᠢ ᠣᠯᠵᠤ᠂ ᠮᠠᠰᠢ ᠣᠯᠠᠨ ᠠᠵᠤ ᠠᠬᠤᠶᠢᠯᠠᠯ ᠤᠨ ᠲᠥᠯᠥᠭᠡᠯᠡᠭᠴᠢ᠂ ᠣᠯᠠᠨ ᠲᠦᠮᠡᠨ ᠤ ᠠᠩᠬᠠᠷᠤᠯ ᠢ ᠶᠡᠬᠡᠳᠡ ᠲᠠᠲᠠᠪᠠ᠃ ᠪᠥᠬᠦ ᠬᠤᠰᠢᠭᠤᠨ ᠤ 18 ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ︵  ᠬᠡᠷᠡᠭ ᠡᠷᠬᠢᠯᠡᠬᠦ ᠭᠠᠵᠠᠷ︶ ᠠᠴᠠ ᠢᠷᠡᠭᠰᠡᠨ 28 ᠰᠢᠯᠢᠳᠡᠭ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢᠨ  ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ ᠬᠤᠳᠠᠯᠳᠤᠨ ᠠᠪᠬᠤ ᠬᠤᠳᠠᠯᠳᠤᠭᠠᠴᠢᠨ᠂ ᠬᠤᠲᠠ ᠶᠢᠨ ᠠᠷᠠᠳ ᠵᠢᠴᠢ ᠵᠤᠭᠠᠴᠠᠭᠰᠠᠳ ᠲᠠᠢ ᠬᠠᠮᠲᠤ ᠪᠠᠷ ᠳᠡᠯᠭᠡᠨ ᠦᠵᠡᠭᠦᠯᠵᠦ᠂ ᠰᠣᠯᠢᠯᠴᠠᠵᠤ᠂ ᠬᠠᠮᠲᠤᠷᠠᠯᠴᠠᠵᠤ᠂ ᠬᠠᠷᠢᠯᠴᠠᠨ ᠬᠠᠷᠠᠭᠠᠯᠵᠠᠬᠤ᠂ ᠬᠠᠮᠲᠤ ᠪᠠᠷ ᠡᠳ᠋ᠯᠡᠬᠦ᠂ ᠬᠠᠮᠲᠤ ᠪᠠᠷ ᠠᠰᠢᠭ ᠭᠥᠷᠳᠡᠬᠦ ᠵᠢᠱᠢᠭᠰᠡᠨ ᠬᠠᠷᠠᠯᠲᠠ ᠶᠢ ᠪᠡᠶᠡᠯᠡᠭᠦᠯᠪᠡ᠃
 C:\Users\Administrator\Desktop\3.jpg
   ᠬᠠᠶᠢᠳᠢᠶᠠᠨ ᠲᠣᠭᠤᠷᠢᠭ ᠤᠨ ᠬᠠᠮᠢᠶ᠎ᠠ ᠪᠥᠬᠦᠶ ᠵᠡᠭᠡᠯᠢ ᠭᠤᠳᠤᠮᠵᠢ ᠶᠢᠨ ᠤᠳᠤᠷᠢᠳᠤᠯᠭ᠎ᠠ᠂ ᠠᠤᠬᠠᠨ ᠬᠤᠰᠢᠭᠤᠨ ᠤ ᠪᠡᠭᠡᠵᠢᠩ ᠤᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ ᠤᠳᠤᠷᠢᠳᠤᠯᠭ᠎ᠠ ᠵᠢᠴᠢ ᠬᠡᠰᠡᠭ ᠭᠡᠰᠢᠭᠦᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠪᠡᠭᠡᠵᠢᠩ ᠤᠨ ᠬᠡᠰᠡᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠡᠯᠬᠢᠶᠡᠵᠢᠭᠰᠡᠨ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠨᠡᠶᠢᠭᠡᠮᠯᠢᠭ ᠵᠡᠷᠭᠡ ᠬᠠᠷᠢᠭᠤᠴᠠᠯᠭᠠᠲᠠᠨ ᠵᠢᠴᠢ ᠪᠥᠬᠦ ᠬᠤᠰᠢᠭᠤᠨ ᠤ 18 ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠪᠥᠬᠦ ᠬᠤᠰᠢᠭᠤᠨ ᠤ 28 ᠬᠥᠲᠥᠴᠢ ᠠᠵᠤ ᠠᠬᠤᠶᠢᠯᠠᠯ᠂ ᠡᠯ᠎ᠡ ᠰᠢᠶᠠᠩ ᠪᠠᠯᠭᠠᠰᠤᠨ ᠤ ︽ᠨᠢᠭᠡ ᠪᠠᠯᠭᠠᠰᠤ ᠨᠢᠭᠡ ᠪᠦᠲᠦᠭᠡᠭᠳᠡᠬᠦᠨ︾ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠡᠷᠭᠡ 200 ᠭᠠᠷᠤᠶ  ᠬᠦᠮᠦᠰ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号