ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭ᠎ᠠ ᠭᠦᠢᠴᠡᠳᠭᠡᠬᠦ ᠶᠢᠨ ᠲᠥᠯᠥᠭᠡ᠂ ︽ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶᠡᠨ ᠳᠠᠬᠢ 2024 ᠣᠨ ᠤ ︿ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ | ᠬᠤᠪᠢᠶᠠᠬᠤ﹀ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠰᠠᠯᠠᠭ᠎ᠠ ᠮᠥᠴᠢᠷ ᠤᠨ | ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ︾ ᠶᠢᠨ ᠮᠡᠳᠡᠭᠳᠡᠯ ᠤᠨ ᠱᠠᠭᠠᠷᠳᠠᠯᠭ᠎ᠠ ᠶᠢ | ᠦᠨᠳᠦᠰᠦᠯᠡᠨ᠂ ︽ᠨᠢᠭᠡ ᠤᠳᠠᠭ᠎ᠠ ᠬᠦᠷᠪᠡᠯ᠂ ᠣᠯᠠᠨ ᠵᠦᠢᠯ ᠤᠨ ᠶᠠᠪᠤᠳᠠᠯ ᠢ ᠪᠠᠶᠢᠴᠠᠭᠠᠬᠤ︾ ᠶᠢ ᠪᠡᠶᠡᠯᠡᠭᠦᠯᠵᠦ᠂ | ︽ᠬᠡᠨ ᠪᠠᠶᠢᠴᠠᠭᠠᠪᠠᠯ ᠬᠡᠨ ᠣᠷᠣᠭᠤᠯᠬᠤ ᠬᠡᠨ ᠢᠯᠡ ᠪᠣᠯᠭᠠᠬᠤ︾ ᠵᠠᠷᠴᠢᠮ ᠶᠣᠰᠣᠭᠠᠷ᠂ ᠠᠤᠬᠠᠨ ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ ᠲᠠᠢ ᠬᠠᠮᠲᠤᠷᠠᠨ 2024 ᠣᠨ ᠤ 6 ᠰᠠᠷ᠎ᠠ ᠶᠢᠨ 20 ᠤ ᠡᠳᠦᠷ ᠬᠤᠶᠠᠷ ᠭᠠᠷᠠᠭ ᠤᠨ | ᠬᠤᠭᠤᠴᠠᠭ᠎ᠠ ᠲᠠᠢ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠥᠳᠡᠯᠮᠦᠷᠢ ᠶᠢᠨ | ᠠᠵᠢᠯᠴᠢᠨ ᠬᠡᠷᠡᠭᠯᠡᠬᠦ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠡᠬᠢᠯᠡᠭᠦᠯᠪᠡ᠃ ᠬᠢᠨᠠᠨ ᠬᠠᠮᠢᠶᠠᠷᠬᠤ ᠠᠵᠢᠯ ᠢ | ᠪᠣᠳᠠᠲᠠᠶ ᠳᠤ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠤᠯᠠᠬᠤ ᠶᠢᠨ ᠲᠥᠯᠥᠭᠡ᠂ ᠲᠣᠰ ᠤᠳᠠᠭᠠᠨ ᠤ ᠪᠠᠶᠢᠴᠠᠭᠠᠬᠤ ᠠᠵᠢᠯᠯᠠᠭ᠎ᠠ ᠨᠢ 30 ᠬᠥᠮᠦᠨ ᠬᠡᠷᠡᠭᠯᠡᠬᠦ ᠨᠢᠭᠡᠴᠡ ᠶᠢ | ᠲᠠᠰᠢᠷᠠᠮ ᠢᠶᠠᠷ ᠰᠣᠩᠭᠤᠨ ᠠᠪᠴᠤ᠂ ᠬᠠᠤᠯᠢ ᠬᠡᠷᠡᠭᠵᠢᠭᠦᠯᠬᠦ ᠠᠵᠢᠯᠲᠠᠨ ᠲᠠᠢ ᠲᠠᠰᠢᠷᠠᠮ ᠢᠶᠠᠷ ᠵᠣᠬᠢᠴᠠᠭᠤᠯᠪᠠ᠃ | ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠳᠤ ᠬᠦᠷᠦᠭᠰᠡᠨ ᠤ ᠳᠠᠷᠠᠭ᠎ᠠ᠂ ᠠᠵᠤ ᠠᠬᠤᠶᠢᠯᠠᠯ ᠤᠨ | ᠬᠥᠳᠡᠯᠮᠦᠷᠢ ᠶᠢᠨ ᠠᠵᠢᠯᠴᠢᠨ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠠᠵᠢᠯᠲᠠᠨ ᠠᠵᠢᠯᠴᠢᠨ ᠢ | ᠵᠣᠬᠢᠶᠠᠨ ᠪᠠᠶᠢᠭᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠪᠠᠶᠢᠴᠠᠭᠠᠨ ᠦᠵᠡᠵᠦ᠂ ᠨᠢᠭᠡ ᠨᠢᠭᠡ ᠪᠠᠷ | ᠪᠠᠶᠢᠴᠠᠭᠠᠬᠤ ᠶᠢᠨ ᠬᠠᠮᠲᠤ ᠬᠥᠮᠦᠨ ᠬᠡᠷᠡᠭᠯᠡᠬᠦ ᠨᠢᠭᠡᠴᠡ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠳᠦᠷᠢᠮ︾᠂ | ︽ᠬᠥᠯᠥᠰᠥᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ | ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠵᠠᠰᠠᠭ ᠤᠨ ᠣᠷᠳᠣᠨ ᠤ ᠰᠦᠯᠵᠢᠶ᠎ᠡ ᠵᠢᠴᠢ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ ᠰᠦᠯᠵᠢᠶ᠎ᠡ ᠵᠡᠷᠭᠡ ᠠᠷᠭ᠎ᠠ | ᠵᠠᠮ ᠢᠶᠠᠷ ᠳᠠᠮᠵᠢᠭᠤᠯᠤᠨ ᠢᠯᠡ ᠨᠡᠶᠢᠲᠡᠯᠡᠵᠦ᠂ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠳᠤ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠢ ᠴᠠᠭ ᠲᠤᠬᠠᠶ ᠳᠤᠨᠢ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ | | |