ᠴᠠᠩ ᠱᠧᠩ ᠪᠠᠯᠭᠠᠰᠤ᠄ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠᠷ ᠠᠷᠠᠳ ᠣᠯᠠᠨ ᠤ ᠬᠤᠭᠤᠯᠠᠨ ᠰᠢᠷᠡᠭᠡᠨ ᠤ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/7/17
    ᠶᠠᠭ ᠰᠠᠶᠢᠬᠠᠨ ᠵᠣᠨ ᠤ ᠤᠯᠠᠷᠢᠯ ᠤᠨ ᠥᠨᠳᠥᠷ ᠬᠠᠯᠠᠭᠤᠨ ᠴᠠᠭ ᠪᠠᠶᠢᠵᠤ᠂ ᠬᠠᠮᠲᠤ ᠶᠢᠨ ᠴᠤᠭᠯᠠᠷᠠᠨ ᠬᠤᠭᠤᠯᠠᠯᠠᠬᠤ ᠠᠶᠤᠯ ᠲᠦᠭᠰᠢᠭᠦᠷᠢ ᠶᠢᠨ ᠳᠠᠯᠳᠠ ᠬᠡᠮ ᠨᠡᠮᠡᠭᠳᠡᠵᠦ᠂ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠴᠠᠩ ᠱᠧᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃    ᠲᠤᠰᠬᠠᠢ ᠰᠡᠳᠦᠪᠲᠦ ᠪᠣᠯᠪᠠᠰᠤᠷᠠᠯ ᠢᠶᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ  ᠳᠡᠭᠡᠭᠰᠢᠯᠡᠭᠦᠯᠦᠨ᠎ᠡ᠃ ᠴᠠᠩ ᠱᠧᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠠᠷᠢᠶ᠎ᠠ ᠣᠷᠣᠨ ᠤ ᠳᠣᠲᠣᠷᠠᠬᠢ ᠨᠡᠭᠦᠳᠡᠯ ᠬᠤᠭᠤᠯᠠᠨ ᠲᠡᠷᠭᠡᠨ ᠤ ᠬᠠᠮᠢᠶᠠᠷᠤᠭᠴᠢ᠂ ᠨᠡᠭᠦᠳᠡᠯ ᠲᠣᠭᠤᠭᠠᠴᠢ ᠣᠷᠣᠯᠴᠠᠵᠠᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾᠂ ︽ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠥᠪᠯᠡᠷᠡᠭᠦᠯᠦᠨ ᠰᠤᠷᠤᠯᠴᠠᠪᠠ᠃ ᠡᠭᠦᠨ ᠤ ᠬᠠᠮᠲᠤ᠂ ᠠᠵᠢᠯᠲᠠᠳ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠣᠷᠴᠢᠨ ᠲᠣᠭᠤᠷᠢᠨ ᠬᠢᠭᠡᠳ ᠲᠥᠬᠦᠭᠡᠷᠦᠮᠵᠢ᠂ ᠢᠳᠡᠭᠡᠨ ᠬᠤᠳᠠᠯᠳᠤᠨ ᠠᠪᠬᠤ ᠪᠠ ᠬᠠᠳᠠᠭᠠᠯᠠᠬᠤ᠂ ᠡᠳ᠋ᠰᠢᠭᠦᠯᠬᠦ ᠶᠠᠪᠤᠴᠠ ᠶᠢ ᠡᠵᠡᠮᠳᠡᠬᠦ᠂ ᠡᠳ᠋ᠰᠢᠭᠦᠯᠬᠦ ᠠᠵᠢᠯᠲᠠᠨ ᠤ ᠪᠡᠶ᠎ᠡ ᠶᠢᠨ ᠪᠠᠶᠢᠴᠠᠭᠠᠯᠲᠠ᠂ ᠦᠢᠯᠡᠳᠪᠦᠷᠢᠯᠡᠵᠦ ᠡᠳ᠋ᠰᠢᠭᠦᠯᠬᠦ ᠲᠠᠯᠠᠪᠤᠷ ᠭᠠᠵᠠᠷ᠂ ᠲᠦᠬᠦᠭᠡᠷᠦᠮᠵᠢ ᠵᠢᠴᠢ ᠪᠠᠭᠠᠵᠢ ᠵᠡᠷᠭᠡ ᠲᠠᠯ᠎ᠠ ᠪᠠᠷ ᠨᠠᠷᠢᠨ ᠨᠢᠮᠪᠠᠶ  ᠪᠣᠯᠪᠠᠰᠤᠷᠠᠯ ᠬᠢᠵᠦ  ᠲᠠᠶᠢᠯᠪᠤᠷᠢᠯᠡᠨ᠂ ᠲᠡᠳᠡᠨ ᠤ ᠬᠠᠤᠯᠢ ᠶᠣᠰᠣᠭᠠᠷ᠂ ᠵᠢᠷᠤᠮᠵᠢᠭᠤᠯᠤᠨ᠂ ᠦᠨᠡᠨᠴᠢ ᠢᠲᠡᠭᠡᠮᠵᠢᠲᠡᠶ ᠡᠵᠡᠩᠨᠡᠬᠦ ᠶᠢ  ᠱᠠᠯᠠᠪᠳᠠᠭᠤᠯᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠪᠠ᠃    ᠬᠢᠨᠠᠨ ᠬᠠᠮᠢᠶᠠᠷᠴᠤ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠴᠠᠩ ᠱᠧᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠨᠡᠭᠦᠳᠡᠯ ᠬᠤᠭᠤᠯᠠᠨ ᠲᠡᠷᠭᠡ ᠵᠡᠷᠭᠡ ᠳᠤ ᠭᠦᠨᠵᠡᠭᠡᠶᠢᠷᠡᠨ ᠪᠥᠬᠦ ᠲᠠᠯ᠎ᠠ ᠶᠢᠨ ᠬᠢᠨᠠᠯᠲᠠ ᠪᠠᠶᠢᠴᠠᠭᠠᠯᠲᠠ ᠥᠷᠨᠢᠭᠦᠯᠪᠡ᠃ ᠲᠤᠬᠠᠶ ᠶᠢᠨ ᠲᠠᠯᠠᠪᠤᠷ ᠲᠤ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠮᠠᠲ᠋ᠧᠷᠢᠶᠠᠯ ᠤᠨ ᠨᠠᠷᠢᠨ ᠳᠠᠩᠰᠠ᠂ ᠬᠡᠷᠡᠭᠯᠡᠬᠦ ᠲᠦᠭᠦᠬᠡᠶ ᠮᠠᠲ᠋ᠧᠷᠢᠶᠠᠯ ᠢ ᠬᠤᠳᠠᠯᠳᠤᠨ ᠠᠪᠤᠭᠰᠠᠨ ᠪᠠᠶᠢᠳᠠᠯ᠂ ᠫᠢᠶᠣᠣ ᠪᠠᠷᠢᠮᠲᠠ ᠭᠡᠷᠡᠴᠢ ᠠᠪᠬᠤ ᠶᠢ ᠨᠠᠶᠢᠳᠠᠪᠤᠷᠢᠵᠢᠭᠤᠯᠤᠭᠰᠠᠨ᠂ ᠢᠳᠡᠭᠡᠨ ᠤ ᠮᠠᠲ᠋ᠧᠷᠢᠶᠠᠯ ᠢ ᠡᠳ᠋ᠰᠢᠭᠦᠯᠦᠨ ᠠᠵᠢᠯᠯᠠᠭᠤᠯᠬᠤ ᠵᠢᠷᠤᠮᠵᠢᠯ᠂ ᠲᠣᠭᠤᠭᠠᠴᠢ ᠶᠢᠨ ᠡᠷᠡᠭᠦᠯ ᠮᠡᠨᠳᠦ ᠶᠢᠨ ᠪᠠᠶᠢᠳᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ᠂ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠤᠨ ᠭᠠᠯ ᠬᠡᠷᠡᠭᠯᠡᠬᠦ ᠪᠠ ᠠᠮᠤᠷ ᠲᠦᠪᠰᠢᠨ ᠪᠠᠶᠢᠬᠤ ᠡᠰᠡᠬᠦ ᠵᠢᠴᠢ ᠡᠷᠬᠢᠯᠡᠨ ᠭᠦᠢᠴᠡᠳᠬᠡᠭᠴᠢ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠵᠤ᠂ ᠠᠯᠺᠣᠣᠯ ᠲᠦᠯᠡᠰᠢ ᠶᠢᠨ  ᠪᠠᠭᠯᠠᠭ᠎ᠠ ︵ᠭᠠᠳᠠᠷ  ᠪᠠᠭᠯᠠᠭ᠎ᠠ ᠶᠢᠨ  ᠵᠦᠢᠯ ᠪᠠᠭᠲᠠᠨ᠎ᠠ︶ ᠳᠡᠭᠡᠷ᠎ᠡ ᠪᠠᠶᠢᠴᠠᠭᠠᠯᠲᠠ ᠪᠠ ᠵᠢᠯᠣᠭᠤᠳᠣᠯᠭ᠎ᠠ ᠬᠢᠭᠰᠡᠨ ᠡᠰᠡᠬᠦ ᠶᠢ ᠨᠠᠶᠢᠳᠠᠪᠤᠷᠢᠵᠢᠭᠤᠯᠵᠤ᠂ ᠲᠤᠰᠠᠭᠠᠷ ᠲᠤᠰᠬᠠᠶ ᠣᠷᠣᠨ ᠳᠤ ᠠᠯᠺᠣᠣᠯ ᠲᠦᠯᠡᠰᠢ ᠬᠠᠳᠠᠭᠠᠯᠠᠬᠤ ᠵᠡᠷᠭᠡ ᠪᠥᠬᠦ ᠲᠠᠯ᠎ᠠ ᠪᠠᠷ ᠪᠠᠶᠢᠴᠠᠭᠠᠯᠲᠠ ᠬᠢᠵᠦ ᠵᠢᠭᠠᠨ ᠵᠢᠯᠣᠭᠤᠳᠪᠠ᠃ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠢᠳᠡᠭᠡᠨ ᠤ ᠠᠮᠤᠷ ᠲᠦᠪᠰᠢᠨ ᠤ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠠᠶᠢᠪᠠᠯ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠭᠠᠷᠬᠤ ᠶᠢ ᠴᠢᠩᠭ᠎ᠠ  ᠰᠡᠷᠭᠡᠶᠢᠯᠡᠪᠡ᠃    ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠵᠤ᠂ ᠣᠶᠤᠨᠴᠢ ᠬᠢᠨᠠᠯᠲᠠ ᠬᠠᠮᠢᠶᠠᠷᠤᠯᠲᠠ ᠶᠢ ᠡᠬᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠢᠨᠲ᠋ᠧᠷ  ᠰᠦᠯᠵᠢᠶ᠎ᠡ +  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ︾ ᠶᠢᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠬᠦ ᠶᠢᠨ ᠲᠥᠯᠥᠭᠡ᠂ ᠴᠠᠩ ᠱᠧᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ︽ᠤᠯᠠᠭᠠᠨᠬᠠᠳᠠ ᠶᠢᠨ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ︾ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ᠂ ᠭᠤᠶᠤᠴᠢᠯᠠᠨ ᠮᠡᠳᠡᠭᠦᠯᠬᠦ ᠶᠠᠪᠤᠴᠠ ᠶᠢ ᠳᠥᠭᠦᠮᠴᠢᠯᠡᠵᠦ᠂ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ︽ᠨᠢᠭᠡ ᠳᠠᠷᠤᠪᠴᠢ ᠪᠠᠷ ᠭᠤᠶᠤᠴᠢᠯᠠᠨ ᠮᠡᠳᠡᠭᠦᠯᠬᠦ︾ ᠶᠢ ᠪᠡᠶᠡᠯᠡᠭᠦᠯᠵᠦ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠮᠠᠶ᠋ᠢᠭ ᠲᠤ ᠬᠦᠷᠴᠦ ᠬᠢᠨᠠᠨ ᠬᠠᠮᠢᠶᠠᠷᠬᠤ ᠠᠵᠢᠯ ᠢ ᠥᠷᠨᠢᠭᠦᠯᠵᠦ᠂ ᠬᠢᠨᠠᠨ ᠬᠠᠮᠢᠶᠠᠷᠴᠤ ᠵᠢᠯᠣᠭᠤᠳᠬᠤ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨᠬᠦ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ  ︽  ᠤᠶᠤᠨᠴᠢ ᠠᠮᠤᠷ ᠲᠦᠪᠰᠢᠨ ᠤ ᠣᠨᠢᠰᠤ︾ ᠶᠢ ᠨᠡᠮᠡᠪᠡ᠃  ᠳᠠᠷᠠᠭᠠᠴᠢ ᠶᠢᠨ ᠠᠯᠬᠤᠮ ᠳᠤ᠂ ᠴᠠᠩ ᠱᠧᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠵᠢᠯᠤᠭᠤᠳᠤᠯᠭ᠎ᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号