ᠠᠤᠬᠠᠨ ᠬᠤᠰᠢᠭᠤᠨ ᠤ ᠬᠤᠶᠠᠳᠤᠭᠠᠷ ᠬᠤᠭᠤᠴᠠᠭᠠᠨ ᠤ SYB ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠠᠮᠵᠢᠯᠲᠠ ᠲᠠᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/7/17
    7 ᠰᠠᠷ᠎ᠠ ᠶᠢᠨ 16 ᠤ ᠡᠳᠦᠷ᠂ ᠠᠤᠬᠠᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠵᠦ᠂ ᠠᠤᠬᠠᠨ ᠬᠤᠰᠢᠭᠤᠨ ᠤ ᠱᠦ ᠭᠤᠸᠠᠩ ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ 2024 ᠣᠨ ᠤ ᠬᠤᠶᠠᠳᠤᠭᠠᠷ ᠬᠤᠭᠤᠴᠠᠭᠠᠨ ᠤ SYB ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠵᠢᠩᠬᠢᠨᠢ ᠪᠠᠷ ᠡᠬᠢᠯᠡᠵᠦ᠂ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠨ ᠨᠡᠶᠢᠲᠡ 23 ᠬᠥᠮᠦᠨ᠂ ᠡᠭᠦᠨ ᠳᠤ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠪᠣᠯᠤᠨ ᠬᠥᠳᠡᠭᠡ ᠲᠣᠰᠬᠤᠨ ᠤ ᠰᠢᠯᠵᠢᠭᠦᠯᠦᠨ ᠠᠵᠢᠯ ᠣᠯᠭᠤᠬᠤ  ᠬᠥᠳᠡᠯᠮᠦᠷᠢᠯᠡᠭᠴᠢ ᠵᠡᠷᠭᠡ ᠲᠦᠯᠦᠪᠯᠡᠭᠡ ᠲᠠᠢ ᠪᠠᠷ ᠠᠳᠠᠯ ᠦᠢᠯᠡᠰ ᠴᠣᠭᠴᠠᠯᠠᠬᠤ ᠪᠠᠷ  ᠪᠠᠶᠢᠭ᠎ᠠ  ᠬᠠᠮᠲᠤᠯᠢᠭ ᠢ ᠪᠠᠭᠲᠠᠭᠠᠨ᠎ᠠ᠃    ᠪᠣᠯᠪᠠᠰᠤᠷᠠᠯ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠡᠯᠪᠡᠭ ᠪᠠᠶᠠᠯᠢᠭ ᠲᠤᠷᠰᠢᠯᠭ᠎ᠠ ᠲᠠᠢ ᠦᠢᠯᠡᠰ ᠴᠣᠭᠴᠠᠯᠠᠬᠤ ᠪᠣᠯᠪᠠᠰᠤᠷᠠᠯ ᠤᠨ ᠯᠧᠺᠲ᠋ᠣᠷ ᠸᠠᠩ ᠬᠤᠩ ᠯᠢ ᠪᠣᠯᠤᠨ ᠵᠣᠣ ᠰᠢ ᠶᠢᠨ ᠬᠤᠶᠠᠷ ᠪᠠᠭᠰᠢ ᠶᠢ ᠤᠷᠢᠵᠤ ᠲᠤᠬᠠᠶ ᠶᠢᠨ ᠲᠠᠯᠠᠪᠤᠷ ᠲᠤ ᠵᠢᠯᠣᠭᠤᠳᠣᠯᠭ᠎ᠠ ᠬᠢᠪᠠ᠃ ᠲᠣᠰ ᠤᠳᠠᠭᠠᠨ ᠤ ᠪᠣᠯᠪᠠᠰᠤᠷᠠᠯ ᠨᠢ 7 ᠡᠳᠦᠷ ᠦᠷᠭᠦᠯᠵᠢᠯᠡᠵᠦ᠂ ᠪᠠᠭᠰᠢ ᠨᠠᠷ ᠣᠨᠣᠯ ᠤᠨ ᠵᠢᠯᠣᠭᠤᠳᠣᠯᠭ᠎ᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠠᠰᠠᠭᠤᠯᠲᠠ ᠠᠰᠠᠭᠤᠬᠤ ᠦᠢᠯᠡᠳᠦᠯᠴᠡᠯ᠂ ᠲᠣᠭᠯᠠᠭᠠᠮ ᠵᠡᠷᠭᠡ ᠬᠡᠯᠪᠡᠷᠢ ᠪᠠᠷ ᠳᠠᠮᠵᠢᠭᠤᠯᠤᠨ᠂ ᠦᠢᠯᠡᠰ ᠴᠣᠭᠴᠠᠯᠠᠬᠤ ᠮᠡᠳᠡᠯᠭᠡ ᠶᠢ ᠶᠠᠷᠢᠵᠤ᠂ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ ᠰᠤᠷᠤᠭᠴᠢᠳ ᠢ ᠰᠤᠷᠤᠯᠴᠠᠬᠤ᠂ ᠰᠣᠯᠢᠯᠴᠠᠬᠤ ᠳᠤᠮᠳᠠ ᠬᠢᠵᠠᠭᠠᠯᠠᠰᠢ ᠥᠬᠡᠶ ᠰᠢᠨ᠎ᠡ ᠶᠢ ᠡᠭᠦᠳᠬᠦ᠂ ᠦᠢᠯᠡᠰ ᠴᠣᠭᠴᠠᠯᠠᠬᠤ ᠰᠡᠳᠬᠢᠮᠵᠢ ᠶᠢ ᠬᠦᠭᠵᠢᠭᠡᠪᠡ᠃ ᠬᠡᠷᠡᠭ ᠤᠨ ᠵᠢᠱᠢᠶ᠎ᠡ ᠶᠢ ᠵᠠᠳᠠᠯᠬᠤ᠂ ᠳᠠᠭᠤᠷᠢᠶᠠᠮᠠᠯ ᠦᠢᠯᠡᠰ ᠴᠣᠭᠴᠠᠯᠠᠬᠤ ᠵᠡᠷᠭᠡ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠷᠣᠯᠴᠠᠭᠴᠢ ᠥᠪᠡᠷ ᠤᠨ ᠪᠡᠶ᠎ᠡ ᠪᠠᠷ ᠢᠶᠠᠨ ᠬᠤᠳᠠᠯᠳᠤᠭᠠᠨ ᠤ ᠲᠥᠯᠥᠪᠯᠡᠭᠡ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠵᠡᠷᠭᠡ ᠶᠠᠪᠤᠴᠠ ᠶᠢ ᠲᠣᠭᠲᠠᠭᠠᠵᠤ ᠪᠣᠯᠤᠨ᠎ᠠ᠂ ᠦᠢᠯᠡᠰ ᠴᠣᠭᠴᠠᠯᠠᠭᠴᠢ ᠶᠢᠨ ᠦᠢᠯᠡᠳᠦᠯᠭᠡ ᠶᠢᠨ ᠴᠢᠳᠠᠪᠤᠷᠢ ᠪᠠ ᠠᠮᠵᠢᠯᠲᠠ ᠤᠯᠬᠤ ᠨᠣᠷᠮ᠎ᠠ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ SYB ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠦᠷ᠎ᠡ ᠪᠦᠲᠦᠭᠡᠯ ᠳᠤ ᠲᠦᠰᠢᠭᠯᠡᠨ᠂ ᠨᠠᠩ ᠣᠯᠠᠨ ᠲᠥᠯᠥᠪᠯᠡᠭᠡᠲᠦ ᠠᠳᠠᠯ ᠦᠢᠯᠡᠰ ᠴᠣᠭᠴᠠᠯᠠᠬᠤ ᠬᠥᠮᠦᠰ ᠲᠤ ᠬᠦᠴᠦᠨ ᠨᠡᠮᠡᠷᠢᠯᠡᠵᠦ᠂ ︽ᠰᠢᠨ᠎ᠡ ᠶᠢ ᠡᠭᠦᠳᠦᠭᠴᠢ︾ ᠶᠢᠨ ︽ᠴᠠᠯᠢᠩ ᠨᠡᠮᠡᠭᠴᠢ︾ ᠪᠣᠯᠵᠣ᠂ ︽ᠠᠳᠠᠯ ᠦᠢᠯᠡᠰ ᠴᠣᠭᠴᠠᠯᠠᠭᠴᠢ︾ ᠶᠢᠨ ︽ᠵᠢᠵᠢᠭ  ᠳᠡᠯᠭᠡᠭᠦᠷᠴᠢᠨ︾ ᠪᠣᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号