ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2024 ᠣᠨ ᠤ ᠪᠥᠬᠦ ᠬᠤᠰᠢᠭᠤᠨ ᠤ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2024/7/17
    7 ᠰᠠᠷ᠎ᠠ ᠶᠢᠨ 15 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠹᠧᠩ ᠱᠸᠦ ᠰᠢᠶᠠᠩ ᠤᠨ ᠨᠠᠨ ᠮᠠ ᠵᠢᠶᠠ ᠽᠢ ᠲᠣᠰᠬᠤᠨ ᠳᠤ 2024 ᠣᠨ ᠤ ᠪᠥᠬᠦ ᠬᠤᠰᠢᠭᠤᠨ ᠤ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 20 ᠬᠥᠮᠦᠨ ᠢᠶᠠᠷ ᠪᠦᠷᠢᠯᠳᠦᠭᠰᠡᠨ ᠬᠤᠲᠠ ᠲᠣᠭᠤᠷᠢᠭ ᠤᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠤᠰᠤ ᠲᠠᠲᠠᠷᠠᠭᠤᠯᠬᠤ ᠲᠣᠨᠤᠭ ᠲᠥᠬᠦᠭᠡᠷᠦᠮᠵᠢ ᠪᠠ ᠡᠳ᠋ ᠪᠣᠳᠠᠰ ᠢᠶᠠᠨ ᠠᠪᠴᠤ ᠂ ᠬᠤᠲᠠ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠠᠶᠤᠯ ᠠᠴᠠ ᠠᠪᠤᠷᠠᠬᠤ ᠬᠢᠴᠢᠶᠡᠯ ᠲᠥᠷᠥᠯ ᠤᠨ ᠰᠣᠷᠢᠯᠲᠠ ᠳᠤ ᠣᠷᠣᠯᠴᠠᠪᠠ᠃    ᠰᠣᠷᠢᠯᠲᠠ ᠳᠤ ᠹᠧᠩ ᠱᠸᠦ ᠰᠢᠶᠠᠩ ᠤᠨ ᠪᠠᠢ ᠲᠠ  ᠽᠢ ᠭᠤᠤᠯ ᠤᠨ ᠦᠶᠡᠷ ᠵᠠᠯᠠᠬᠤ ᠤᠰᠤᠨ ᠲᠦᠪᠰᠢᠨ ᠢ ᠨᠢᠭᠡᠨᠲᠡ ᠵᠢᠷᠤᠵᠤ ᠲᠥᠯᠥᠪᠯᠡᠭᠰᠡᠨ ᠰᠡᠷᠭᠡᠶᠢᠯᠡᠯᠲᠡ ᠶᠢᠨ ᠱᠤᠭᠤᠮ ᠠᠴᠠ ᠭᠡᠲᠦᠯᠵᠦ᠂  ᠤᠰᠤᠨ ᠤ ᠬᠡᠮᠵᠢᠶ᠎ᠡ ᠬᠠᠰᠢᠯᠭ᠎ᠠ ᠶᠢ ᠭᠡᠲᠦᠯᠦᠨ ᠬᠤᠶᠠᠷ ᠺᠢᠯᠦᠮᠧᠲᠷ ᠤᠨ  ᠵᠠᠶᠢᠲᠠᠢ ᠬᠤᠲᠠ ᠲᠣᠭᠤᠷᠢᠭ ᠤᠨ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠶ ᠰᠦᠷᠳᠡᠭᠦᠯᠦᠭᠰᠡᠨ ᠪᠠᠶᠢᠨ᠎ᠠ᠂ ᠲᠤᠬᠠᠶ ᠶᠢᠨ ᠲᠠᠯᠠᠪᠤᠷ ᠤᠨ ᠶᠡᠷᠦᠩᠬᠡᠶ ᠵᠢᠯᠣᠭᠤᠳᠣᠭᠴᠢ ᠲᠦᠭᠰᠢᠭᠦᠷᠢᠲᠦ ᠪᠠᠶᠢᠳᠠᠯ ᠢ ᠦᠨᠳᠦᠰᠦᠯᠡᠨ ᠵᠣᠬᠢᠶᠠᠨ ᠪᠠᠶᠢᠭᠤᠯᠤᠨ ᠵᠥᠪᠳᠡᠯᠴᠡᠨ ᠰᠤᠳᠤᠯᠤᠨ ᠮᠠᠭᠠᠳᠯᠠᠵᠤ᠂ ︽ᠠᠤᠬᠠᠨ ᠬᠤᠰᠢᠭᠤᠨ ᠤ ᠬᠤᠲᠠ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠠᠬᠢ ᠬᠤᠶᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠶᠢ ᠲᠡᠷᠡ ᠳᠠᠷᠤᠶ ᠳᠤᠨᠢ ᠡᠬᠢᠯᠡᠭᠦᠯᠬᠦ ᠪᠠᠷ ᠲᠣᠭᠲᠠᠪᠠ᠃    ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠤᠬᠠᠶ ᠶᠢᠨ ᠲᠠᠯᠠᠪᠤᠷ ᠤᠨ ᠶᠡᠷᠦᠩᠬᠡᠶ ᠵᠢᠯᠣᠭᠤᠳᠣᠭᠴᠢ ᠪᠠᠴᠢᠮ ᠪᠠᠶᠢᠳᠠᠯ ᠢ ᠠᠷᠭᠠᠴᠠᠬᠤ ᠵᠠᠷᠯᠢᠭ ᠢ ᠡᠬᠢᠯᠡᠭᠦᠯᠦᠭᠰᠡᠨ ᠤ ᠳᠠᠷᠠᠭ᠎ᠠ᠂ ᠳᠠᠷᠤᠶ ᠲᠦᠷᠭᠡᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠠᠪᠤᠷᠠᠨ ᠲᠤᠰᠠᠯᠠᠬᠤ ᠠᠩᠭᠢ ᠶᠢ ᠵᠣᠬᠢᠶᠠᠨ ᠪᠠᠶᠢᠭᠤᠯᠤᠨ ᠠᠶᠤᠯ ᠠᠴᠠ ᠠᠪᠤᠷᠠᠬᠤ ᠣᠷᠣᠨ ᠪᠠᠶᠢᠷᠢ ᠳᠤ ᠬᠦᠷᠴᠦ᠂ ᠤᠰᠤ ᠬᠤᠷᠠᠬᠤ ᠣᠷᠣᠨ ᠤ ᠡᠷᠬᠢᠨ ᠲᠣᠭᠤᠷᠢᠨ ᠳᠤ ᠰᠡᠷᠡᠮᠵᠢ ᠶᠢᠨ ᠫᠠᠶᠢᠰᠠ ᠪᠠᠶᠢᠷᠢᠯᠠᠭᠤᠯᠤᠨ᠂ ᠶᠠᠪᠠᠭᠠᠨ ᠬᠥᠮᠦᠨ᠂ ᠲᠡᠷᠭᠡ ᠬᠥᠰᠬᠡ ᠳᠤ ᠤᠰᠤᠨ ᠤ ᠠᠮᠤᠷ ᠲᠦᠪᠰᠢᠨ ᠢ ᠠᠩᠬᠠᠷᠬᠤ ᠶᠢ ᠰᠠᠨᠠᠭᠤᠯᠬᠤ ᠶᠢᠨ ᠬᠠᠮᠲᠤ 20 ᠨᠡᠷᠡᠰ ᠠᠶᠤᠯ ᠠᠴᠠ ᠠᠪᠤᠷᠠᠬᠤ ᠠᠩᠭᠢ ᠶᠢᠨ ᠭᠡᠰᠢᠭᠦᠨ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠵᠥᠪᠬᠡᠨ 15 ᠮᠢᠨᠦ᠋ᠲ ᠬᠡᠷᠡᠭᠯᠡᠨ 4 ᠤᠰᠤ ᠲᠠᠲᠠᠷᠠᠭᠤᠯᠬᠤ ᠬᠥᠭᠡᠷᠭᠡ ᠶᠢ ᠤᠭᠰᠠᠷᠠᠵᠤ ᠲᠤᠷᠰᠢᠨ ᠠᠵᠢᠯᠯᠠᠭᠤᠯᠵᠤ᠂ ᠤᠰᠤ ᠬᠠᠳᠠᠭᠠᠯᠠᠬᠤ ᠤᠰᠤᠨ ᠲᠦᠪᠰᠢᠨ ᠢ ᠦᠳᠲᠡᠷ ᠲᠦᠷᠭᠡᠨ ᠠᠮᠤᠷ ᠲᠦᠪᠰᠢᠨ ᠤ ᠬᠢᠷᠢ ᠲᠦᠪᠰᠢᠨ ᠳᠤ ᠬᠦᠷᠭᠡᠵᠦ᠂ ᠬᠤᠲᠠ ᠶᠢᠨ ᠵᠠᠮ ᠪᠠ ᠤᠰᠤ ᠲᠠᠲᠠᠷᠠᠭᠤᠯᠬᠤ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃    ᠲᠣᠰ ᠤᠳᠠᠭᠠᠨ ᠤ ᠰᠣᠷᠢᠯᠲᠠ ᠪᠠᠷ ᠳᠠᠮᠵᠢᠭᠤᠯᠤᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠡᠰᠢᠭᠦᠳ ᠤᠨ ᠠᠶᠤᠯ ᠠᠴᠠ ᠠᠪᠤᠷᠠᠬᠤ ᠲᠣᠨᠤᠭ ᠲᠥᠬᠦᠭᠡᠷᠦᠮᠵᠢ ᠶᠢ ᠪᠣᠯᠪᠠᠰᠤᠷᠠᠩᠭᠤᠶ ᠬᠡᠷᠡᠭᠯᠡᠬᠦ ᠪᠠ ᠬᠡᠷᠡᠭᠯᠡᠬᠦ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠭᠡᠰᠢᠭᠦᠳ ᠤᠨ ᠬᠤᠭᠤᠷᠣᠨᠳᠣᠬᠢ ᠬᠠᠮᠵᠢᠯᠴᠠᠬᠤ ᠴᠢᠳᠠᠪᠤᠷᠢ ᠶᠢ ᠨᠡᠮᠡᠭᠳᠡᠭᠦᠯᠦᠨ᠂ ᠬᠤᠲᠠ ᠶᠢᠨ ᠤᠰᠤᠲᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠶᠢᠰᠢᠳᠠ ᠶᠢᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠡᠷᠬᠢᠮ ᠨᠠᠨᠳᠢᠨ ᠪᠣᠳᠠᠲᠤ ᠪᠠᠶᠢᠯᠳᠤᠭᠠᠨ ᠤ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号