ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ  ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/17
     7 ᠰᠠᠷ᠎ᠠ ᠶᠢᠨ 16 ᠤ ᠡᠳᠦᠷ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠮᠠ ᠳ᠋ᠧ ᠠᠨ ᠤᠯᠤᠰ ᠲᠥᠷᠥ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ  ᠤᠨ ᠬᠢᠨ  ᠢ ᠳᠠᠭᠠᠭᠤᠯᠤᠨ᠂ ᠮᠠᠨ ᠤ ᠬᠤᠰᠢᠭᠤᠨ ᠳᠤ ᠢᠷᠡᠵᠦ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠪᠠ᠃ ᠠᠤᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠦᠸᠧ ᠬᠤᠸᠠ᠂ ᠳᠡᠳ᠋ ᠲᠡᠷᠢᠭᠦᠯᠡᠭᠴᠢ ᠡᠤ ᠢᠦᠶ ᠵᠠᠨ ᠶᠠᠷᠢᠯᠴᠠᠬᠤ ᠬᠤᠷᠠᠯ ᠳᠤ ᠣᠷᠣᠯᠴᠠᠪᠠ᠃
C:\Users\Administrator\Desktop\10.jpg
    ᠶᠠᠷᠢᠯᠴᠠᠬᠤ ᠬᠤᠷᠠᠯ ᠳᠡᠭᠡᠷ᠎ᠡ᠂ ᠦ᠋ ᠢᠦᠶ ᠵᠠᠨ ᠮᠠᠨ ᠤ ᠬᠤᠰᠢᠭᠤᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠲᠠᠨᠢᠯᠴᠠᠭᠤᠯᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ᠂ ᠪᠠᠶᠢᠭᠤᠯᠤᠯ ᠲᠣᠭᠲᠠᠴᠠ ᠪᠠ ᠠᠵᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠶᠢᠯᠠᠭᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠦᠵᠡᠬᠦ ᠪᠠᠷ᠂ ᠠᠤᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠳᠤᠮᠳᠠ ᠢᠯᠡᠳᠲᠡ ᠦᠷ᠎ᠡ ᠪᠦᠲᠦᠮᠵᠢ ᠣᠯᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠨ ᠲᠣᠯᠢᠯᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠬᠢᠷᠢ ᠲᠦᠪᠰᠢᠨ ᠢ ᠪᠦᠲᠦᠮᠵᠢᠲᠡᠶ  ᠳᠡᠭᠡᠭᠰᠢᠯᠡᠭᠦᠯᠦᠨ᠎ᠡ ᠭᠡᠪᠡ᠃
C:\Users\Administrator\Desktop\11.jpg
    ᠭᠦᠸᠧ ᠬᠤᠸᠠ ᠠᠴᠠ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠡᠭᠦᠷᠭᠡ ᠴᠢᠳᠠᠪᠬᠢ ᠶᠢᠨ ᠴᠢᠩᠭᠠᠷᠠᠬᠤ ᠶᠢ ᠳᠠᠭᠠᠯᠳᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠥᠬᠦ ᠲᠠᠯ᠎ᠠ ᠳᠠᠬᠢ ᠪᠠᠶᠢᠷᠢ ᠰᠠᠭᠤᠷᠢ ᠤᠯᠠᠮ ᠠᠴᠠ ᠤᠯᠠᠮ ᠴᠢᠬᠤᠯᠠ ᠪᠣᠯᠵᠣ᠂ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠡᠳᠦᠷ ᠢᠷᠡᠬᠦᠶ᠎ᠡ ᠴᠢᠬᠤᠯᠠᠴᠢᠯᠠᠨ ᠦᠵᠡᠵᠦ᠂ ᠮᠡᠳᠡᠭᠡ ᠵᠠᠩᠭᠢ ᠨᠠᠶᠢᠷᠠᠭᠤᠯᠤᠨ ᠪᠢᠴᠢᠬᠦ ᠪᠠ ᠳᠡᠭᠡᠭᠰᠢ ᠮᠡᠳᠡᠭᠦᠯᠬᠦ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠵᠦ᠂ ᠡᠯ᠎ᠡ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠴᠥᠮ ᠬᠦᠴᠦᠯᠡᠵᠦ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠯᠴᠠᠨ ᠯᠠᠪᠯᠠᠯᠲᠠ ᠪᠣᠯᠭᠠᠵᠤ᠂ ᠰᠠᠶᠢᠨ ᠲᠠᠯ᠎ᠠ ᠶᠢ ᠨᠢ ᠠᠪᠴᠤ  ᠳᠤᠲᠠᠭᠤᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠬᠠᠷᠢᠯᠴᠠᠨ ᠠᠬᠢᠭᠤᠯᠵᠤ ᠬᠠᠷᠢᠯᠴᠠᠨ  ᠳᠠᠪᠰᠢᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠳᠠᠬᠢᠨ ᠰᠢᠨ᠎ᠡ ᠲᠦᠪᠰᠢᠨ ᠳᠤ ᠭᠠᠷᠬᠤ ᠶᠢ ᠬᠠᠮᠲᠤ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃
C:\Users\Administrator\Desktop\12.jpg 
   ᠬᠤᠷᠠᠯ ᠤᠨ ᠳᠠᠷᠠᠭ᠎ᠠ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠠᠤᠬᠠᠨ ᠤ ᠨᠠᠷᠢᠮᠤ ᠶᠢᠨ ᠮᠦᠽᠧᠶ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号