ᠶᠢᠨ ᠴᠠᠩ ᠭᠸᠦ ᠯᠢᠶᠠᠩ ᠪᠠᠯᠭᠠᠰᠤ᠄ ︽ᠭᠤᠷᠪᠠᠨ ᠬᠡᠮᠵᠢᠶ᠎ᠡ︾ ᠪᠠᠷ ᠪᠥᠬᠦ ᠠᠷᠠᠳ ᠤᠨ  ᠣᠩᠰᠢᠯᠭ᠎ᠠ  ᠶᠢᠨ ︽ᠶᠠᠰᠤ ᠴᠢᠨᠠᠷ ᠦᠷ᠎ᠡ ᠪᠦᠲᠦᠮᠵᠢ︾ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/7/18
         ᠡᠨᠡ ᠵᠢᠯ ᠠᠴᠠ ᠨᠠᠰᠢ᠂  ᠶᠢᠨ ᠴᠠᠩ ᠭᠧᠤ ᠯᠢᠶᠠᠩ ᠪᠠᠯᠭᠠᠰᠤ ᠠᠵᠢᠯᠯᠠᠭ᠎ᠠ ᠪᠠᠷ ᠵᠠᠭᠤᠴᠢᠯᠠᠭᠤᠷ  ᠪᠣᠯᠭᠠᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠦᠯᠢᠭᠡᠷ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠣᠯᠠᠨ ᠠᠷᠭ᠎ᠠ ᠬᠡᠮᠵᠢᠶ᠎ᠡ ᠠᠪᠴᠤ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ ᠂ ᠪᠥᠬᠦ ᠪᠠᠯᠭᠠᠰᠤᠨ ᠤ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠶ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃    ᠨᠢᠭᠡ ᠳᠤ᠂ ᠠᠵᠢᠯᠯᠠᠭ᠎ᠠ  ᠪᠠᠷ ᠵᠠᠭᠤᠴᠢᠯᠠᠭᠤᠷ  ᠪᠣᠯᠭᠠᠵᠤ ᠤᠷᠢᠳᠠᠪᠠᠷ ᠤᠩᠰᠢᠵᠤ᠂ ᠤᠩᠰᠢᠯᠭ᠎ᠠ ᠶᠢᠨ ᠠᠵᠢᠯᠯᠠᠭ᠎ᠠ ᠶᠢᠨ ᠪᠦᠷᠬᠦᠴᠡ ᠶᠢ ᠳᠡᠭᠡᠭᠰᠢᠯᠡᠭᠦᠯᠪᠡ᠃ ᠣᠯᠠᠨ ᠡᠰᠢᠲᠦ ᠤᠩᠰᠢᠯᠭ᠎ᠠ ᠶᠢᠨ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠤᠷᠠᠨ ᠰᠠᠶᠢᠬᠠᠨ ᠤ ᠲᠣᠭᠯᠠᠯᠲᠠ᠂ ᠭᠠᠯ ᠤᠨᠲᠠᠷᠠᠭᠠᠬᠤ ᠠᠮᠤᠷ ᠲᠦᠪᠰᠢᠨ᠂ ᠭᠡᠷ ᠤᠨ ᠰᠤᠷᠲᠠᠯ ᠤᠨ ᠪᠠᠶᠢᠭᠤᠯᠤᠯᠲᠠ ᠵᠡᠷᠭᠡ ᠣᠯᠠᠨ ᠵᠦᠢᠯ ᠤᠨ ᠠᠵᠢᠯᠯᠠᠭ᠎ᠠ ᠶᠢᠨ ᠭᠤᠣᠯ ᠰᠡᠳᠦᠪ ᠲᠤ ᠠᠭᠤᠰᠤᠯᠴᠠᠵᠤ᠂ ᠪᠥᠬᠦ ᠠᠷᠠᠳ ᠢᠶᠠᠷ ᠢᠶᠠᠨ ᠤᠩᠰᠢᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ᠂ ᠣᠲᠣ ᠪᠣᠯᠲᠠᠯ᠎ᠠ ᠨᠡᠶᠢᠲᠡ 20 ᠭᠠᠷᠤᠢ ᠲᠠᠯᠠᠪᠤᠷ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ 14 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠣᠯᠠᠨ ᠲᠠᠯ᠎ᠠ ᠪᠠᠷ ᠴᠡᠴᠡᠭᠯᠡᠬᠦ᠂ ᠰᠣᠯᠪᠢᠴᠠᠨ ᠭᠡᠷᠡᠯᠲᠦᠵᠦ ᠪᠠᠶᠢᠭ᠎ᠠ ᠪᠥᠬᠦ ᠠᠷᠠᠳ ᠤᠨ ᠤᠩᠰᠢᠯᠭ᠎ᠠ ᠶᠢᠨ ᠤᠷᠤᠰᠬᠠᠯ ᠢ ᠪᠣᠶ ᠪᠣᠯᠭᠠᠪᠠ᠃    ᠬᠤᠶᠠᠷ ᠲᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠩᠭᠠᠯᠭ᠎ᠠ ᠶᠢ ᠰᠢᠯᠢᠳᠡᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠬᠡᠮᠵᠢᠶ᠎ᠡ ᠶᠢ ᠳᠡᠭᠡᠭᠰᠢᠯᠡᠭᠦᠯᠪᠡ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠤᠩᠰᠢᠯᠭ᠎ᠠ ᠶᠢᠨ ᠵᠢᠭᠰᠠᠭᠠᠯ ᠤᠨ ᠭᠠᠵᠠᠷ ᠢ ᠰᠢᠯᠢᠳᠡᠭᠵᠢᠭᠦᠯᠵᠦ᠂ ᠨᠣᠮ ᠪᠢᠴᠢᠭ ᠢ ᠰᠢᠨᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠩᠰᠢᠯᠭ᠎ᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠵᠦ᠂ ᠺᠣᠳ᠋ ᠰᠢᠷᠪᠢᠵᠦ ᠰᠣᠨᠣᠰᠬᠤ ᠪᠢᠴᠢᠭ᠂ ᠬᠤᠷᠤᠭᠤᠨ ᠦᠵᠦᠭᠦᠷ ᠤᠨ ᠬᠢᠴᠢᠶᠡᠯ ᠤᠨ ᠲᠠᠩᠬᠢᠮ ᠵᠡᠷᠭᠡ ᠣᠯᠠᠨ ᠡᠰᠢᠵᠢᠭᠰᠡᠨ ᠤᠩᠰᠢᠯᠭ᠎ᠠ ᠶᠢᠨ ᠲᠠᠪᠴᠠᠩ ᠢ ᠪᠣᠶ ᠪᠣᠯᠭᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠪᠠᠷ ᠤᠩᠰᠢᠯᠭ᠎ᠠ ᠶᠢᠨ ᠵᠢᠭᠰᠠᠭᠠᠯ ᠤᠨ ᠭᠠᠵᠠᠷ ᠪᠣᠯᠭᠠᠵᠤ᠂ ᠲᠠᠷᠢᠮᠠᠯ ᠤᠨ ᠪᠣᠯᠪᠠᠰᠤᠷᠠᠯ᠂ ᠤᠯᠠᠮᠵᠢᠯᠠᠯᠲᠤ ᠠᠷᠠᠳ ᠤᠨ ᠵᠠᠩ ᠵᠠᠩᠰᠢᠯ ᠵᠡᠷᠭᠡ ᠠᠭᠤᠯᠭ᠎ᠠ ᠲᠠᠢ ᠤᠶᠠᠯᠳᠤᠭᠤᠯᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠲᠠᠷᠢᠶᠠᠯᠠᠩ ᠤᠨ ᠠᠵᠢᠯ ᠬᠢᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠨᠤᠲᠤᠭ ᠤᠨ ᠰᠤᠷᠲᠠᠯ ᠤᠨ ᠪᠣᠯᠪᠠᠰᠤᠨ ᠢ ᠪᠠᠳᠠᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠤᠩᠰᠢᠯᠭ᠎ᠠ ᠶᠢ ︽ᠪᠠᠶᠠᠰᠬᠠᠬᠤ︾ ᠲᠠᠶᠢᠯᠤᠮᠵᠢ  ᠪᠣᠯᠭᠠᠪᠠ᠃    ᠭᠤᠷᠪᠠ ᠳᠤ᠂ ᠦᠯᠢᠭᠡᠷ ᠳᠠᠭᠤᠷᠢᠶᠠᠯ ᠢ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠦᠨ ᠳᠠᠶᠢᠴᠢᠯᠠᠵᠤ᠂ ᠪᠥᠬᠦ ᠠᠷᠠᠳ ᠤᠨ ᠣᠷᠣᠯᠴᠠᠬᠤ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠪᠡ᠃ ᠥᠯᠢᠭᠡᠷ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠱᠢᠶ᠎ᠡ ᠦᠵᠡᠭᠦᠯᠬᠦ ᠦᠢᠯᠡᠳᠦᠯ ᠢ ᠥᠷᠭᠡᠳᠬᠡᠨ᠂ ᠣᠯᠠᠨ ᠲᠦᠮᠡᠨ ᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠡᠯ᠎ᠡ ᠲᠣᠰᠬᠤᠨ ︽ᠬᠠᠮᠤᠭ ᠤᠨ ᠭᠤᠶᠣ ᠤᠩᠰᠢᠭᠴᠢ︾ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ︽ᠥᠯᠢᠭᠡᠷ ᠳᠠᠭᠤᠷᠢᠶᠠᠯ ᠤᠨ ᠬᠦᠴᠦᠨ︾ ᠢᠶᠠᠷ ᠣᠯᠠᠨ ᠲᠦᠮᠡᠨ ᠤ ᠤᠩᠰᠢᠯᠭ᠎ᠠ ᠳᠤ ᠣᠷᠣᠯᠴᠠᠬᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠂ ᠪᠥᠬᠦ ᠠᠷᠠᠳ ᠤᠨ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠳᠠᠶᠢᠴᠢᠯᠠᠨ ᠬᠥᠭᠵᠢᠭᠡᠵᠦ᠂ ᠪᠥᠬᠦ ᠪᠠᠯᠭᠠᠰᠤᠨ ᠤ ᠰᠣᠶᠣᠯ ᠤᠨ ᠠᠭᠤᠯᠬᠤᠨ ᠢ ᠨᠠᠩ ᠶᠡᠭᠡ ᠡᠷᠴᠢᠮ ᠲᠠᠢ ᠢᠶᠠᠷ ᠵᠤᠵᠠᠭᠠᠳᠬᠠᠵᠤ᠂ ︽ᠰᠠᠶᠢᠨ ᠨᠣᠮ ᠤᠩᠰᠢᠬᠤ᠂  ᠰᠠᠶᠢᠬᠠᠨ ᠨᠣᠮ ᠤᠩᠰᠢᠬᠤ︾ ᠤᠩᠰᠢᠯᠭ᠎ᠠ ᠶᠢᠨ ᠥᠷᠨᠢᠯᠲᠡ ᠶᠢ ᠬᠥᠭᠵᠢᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号