ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/7/18
    ᠣᠶᠢᠷ᠎ᠠ ᠳᠤ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ ᠲᠤᠭ᠎ᠠ ᠪᠠᠷᠢᠮᠲᠠ ᠶᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠤᠷᠠᠯᠳᠤᠪᠠ᠂ ᠭᠤᠤᠯ ᠡᠭᠦᠷᠭᠡ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ︾ ᠳᠤ ᠰᠠᠷ᠎ᠠ ᠪᠠᠷ ᠬᠥᠮᠦᠨ ᠤ ᠬᠦᠴᠦᠨ ᠤ ᠰᠦᠢᠳᠬᠡᠯ ᠥᠭᠭᠦᠭᠰᠡᠨ ᠥᠬᠡᠶ᠂ ᠠᠵᠢᠯᠴᠢᠨ ᠤ ᠠᠵᠢᠯ ᠳᠤ ᠭᠠᠷᠬᠤ ᠶᠢ ᠰᠢᠯᠭᠠᠨ ᠪᠠᠶᠢᠴᠠᠭᠠᠬᠤ ᠵᠡᠷᠭᠡ ᠤᠷᠢᠳᠴᠢᠯᠠᠨ ᠰᠡᠷᠡᠮᠵᠢᠯᠡᠭᠦᠯᠬᠦ ᠪᠠᠶᠢᠳᠠᠯ ᠢ ᠴᠡᠭᠴᠡᠯᠡᠨ ᠰᠠᠶᠢᠵᠢᠷᠠᠭᠤᠯᠤᠨ᠎ᠠ᠃ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠤᠨ 8 ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ᠂ ᠠᠵᠢᠯᠴᠢᠨ ᠬᠥᠷᠥᠩᠭᠡᠲᠡᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠭᠬᠦ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ︾ ᠤᠨ 6  ᠵᠦᠢᠯ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠵᠠᠷᠯᠠᠨ ᠮᠡᠳᠡᠭᠳᠡᠵᠦ᠂ ᠠᠰᠠᠭᠤᠳᠠᠯ ᠣᠷᠣᠰᠢᠵᠤ ᠪᠠᠶᠢᠭ᠎ᠠ 8 ᠪᠠᠷᠢᠯᠭ᠎ᠠ ᠶᠢᠨ ᠲᠥᠷᠥᠯ ᠵᠦᠢᠯ ᠤᠨ ᠱᠠᠭᠠᠷᠳᠠᠯᠭ᠎ᠠ ᠶᠢ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠵᠤ  ᠳᠠᠭᠤᠰᠬᠠᠨ᠎ᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠥᠬᠡᠶ ᠶᠢ ᠨᠢ ︽ᠬᠥᠯᠥᠰᠥᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠲᠦᠷᠢᠮ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠷᠡᠰ ᠰᠢᠢᠳᠪᠦᠷᠢᠯᠡᠵᠦ ᠰᠢᠳᠬᠡᠨ ᠲᠣᠷᠭᠠᠪᠠ᠃ ᠲᠤᠬᠠᠶ ᠶᠢᠨ ᠲᠠᠯᠠᠪᠠᠶ ᠳᠤ ︽ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾ ᠤᠨ ᠬᠤᠯᠪᠣᠭᠳᠠᠯ ᠪᠥᠬᠦᠶ ᠬᠥᠮᠦᠨ ᠤ ᠬᠦᠴᠦᠨ ᠤ ᠵᠠᠷᠤᠳᠠᠯ ᠢ ᠰᠠᠯᠭᠠᠨ ᠥᠭᠬᠦ ᠪᠣᠳᠠᠲᠠᠶ ᠬᠠᠤᠯᠢ ᠴᠠᠭᠠᠵᠠ ᠶᠢᠨ ᠲᠣᠭᠲᠠᠭᠠᠯ ᠤᠨ ᠲᠤᠬᠠᠶ ᠨᠠᠷᠢᠨ ᠲᠠᠶᠢᠯᠤᠮᠵᠢ ᠬᠢᠪᠠ᠃    ᠬᠤᠷᠠᠯ ᠠᠴᠠ ᠂ ᠲᠠᠷᠠᠭᠠᠴᠢ ᠶᠢᠨ ᠠᠯᠬᠤᠮ ᠳᠤ᠂ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ︾ ᠤᠨ ᠬᠢᠨᠠᠨ ᠰᠢᠯᠭᠠᠬᠤ ᠠᠵᠢᠯ ᠢ ᠪᠠᠶᠢᠩᠭᠤᠵᠢᠭᠤᠯᠬᠤ ᠬᠡᠷᠡᠭᠲᠡᠶ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠪᠥᠬᠦ ᠬᠦᠴᠦᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠯᠢᠭ ᠪᠣᠳᠠᠲᠠᠢ ᠬᠢᠵᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号