ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠰᠠᠭᠤᠷᠢ ᠮᠥᠩᠭᠦ ᠶᠢᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠰᠡᠵᠢᠭ ᠲᠠᠢ ᠭᠠᠵᠠᠷ ᠤᠨ ᠲᠤᠭ᠎ᠠ ᠪᠠᠷᠢᠮᠲᠠ ᠶᠢ ᠪᠦᠬᠦᠨ ᠢ ᠴᠡᠪᠡᠷᠯᠡᠨ ᠠᠷᠢᠯᠭᠠᠪᠠ
ᠨᠡᠶᠢᠲᠡᠯᠡᠭᠰᠡᠨ ᠴᠠᠭ᠄
2024/7/18
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠠᠭᠤᠷᠢ ᠮᠥᠩᠭᠦ ᠶᠢᠨ ᠪᠠᠯᠠ ᠮᠥᠩᠭᠦ ᠶᠢᠨ ᠲᠣᠭᠠᠴᠢᠯᠠᠭᠰᠠᠨ ᠱᠠᠯᠠᠪᠳᠠᠭᠤᠯᠤᠨ ᠪᠠᠶᠢᠴᠠᠭᠠᠬᠤ ᠰᠢᠰᠲ᠋ᠧᠮ ᠢ ᠡᠬᠢᠯᠡᠨ ᠬᠡᠷᠡᠭᠯᠡᠭᠰᠡᠨ ᠠᠴᠠ ᠨᠠᠰᠢ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠢᠨᠠᠮᠠᠭᠠᠶ ᠭᠦᠢᠴᠡᠳᠬᠡᠵᠦ᠂ ᠨᠠᠷᠢᠯᠢᠭ ᠣᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠂ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠰᠠᠭᠤᠷᠢ ᠮᠥᠩᠭᠦ  ᠶᠢᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠪᠠ ᠢᠯᠡ ᠪᠣᠯᠭᠠᠬᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠪᠡ᠃    ᠨᠢᠭᠡ ᠳᠤ ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠳᠡᠭᠡᠳᠦ ᠱᠠᠲᠤᠨ ᠤ ᠲᠣᠭᠲᠠᠭᠠᠭᠰᠠᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠦᠯᠦᠭ ᠤᠳᠠᠭ᠎ᠠ ᠬᠤᠪᠢᠶᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠯ᠎ᠡ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠠᠵᠢᠯᠲᠠᠨ ᠳᠤ ᠪᠠᠭᠤᠯᠭᠠᠬᠤ ᠶᠢᠨ ᠬᠠᠮᠲᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠤᠭ᠎ᠠ ᠪᠠᠷᠢᠮᠲᠠ ᠨᠢᠭᠡᠪᠦᠷᠢ ᠶᠢ ᠴᠥᠮ ᠬᠠᠷᠢᠭᠤᠴᠠᠬᠤ ᠬᠥᠮᠦᠨ ᠲᠠᠢ᠂ ᠳᠠᠭᠠᠬᠤ ᠬᠥᠮᠦᠨ ᠲᠠᠢ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠴᠠᠭ ᠲᠤᠬᠠᠶ ᠳᠤᠨᠢ ᠳᠠᠮᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠡᠨ ᠪᠣᠳᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ ᠲᠤ᠂ ᠰᠢᠰᠲ᠋ᠧᠮ ᠲᠠᠢ ᠪᠠᠷ ᠮᠥᠷᠳᠡᠵᠦ᠂ ᠴᠠᠭ ᠲᠤᠬᠠᠢ ᠳᠤᠨᠢ ᠬᠢᠨᠠᠨ ᠵᠢᠯᠤᠭᠤᠳᠤᠨ᠎ᠠ᠃ ᠰᠠᠭᠤᠷᠢ ᠮᠥᠩᠭᠦ ᠶᠢᠨ ᠪᠠᠯᠠ ᠮᠥᠩᠭᠦ ᠶᠢᠨ ᠲᠣᠭᠠᠴᠢᠯᠠᠭᠰᠠᠨ  ᠱᠠᠯᠠᠪᠳᠠᠭᠤᠯᠤᠨ ᠪᠠᠶᠢᠴᠠᠭᠠᠬᠤ ᠰᠢᠰᠲ᠋ᠧᠮ ᠤᠨ ᠬᠦᠴᠦᠷᠬᠡᠭ ᠶᠡᠭᠡ ᠴᠢᠳᠠᠮᠵᠢ ᠶᠢ ᠭᠦᠢᠴᠡᠳ ᠠᠰᠢᠭᠯᠠᠨ᠂ ᠰᠡᠵᠢᠭᠲᠡᠶ ᠴᠡᠭ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠷᠭᠤᠭᠤᠯᠤᠨ ᠪᠠᠶᠢᠴᠠᠭᠠᠬᠤ ᠪᠠ ᠮᠥᠷᠳᠡᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠨᠢᠭᠡᠪᠦᠷᠢ ᠶᠢᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠱᠠᠯᠠᠪᠳᠠᠭᠤᠯᠤᠨ ᠵᠢᠯᠣᠭᠤᠳᠤᠨ᠎ᠠ᠃ ᠬᠤᠰᠢᠭᠤ᠂ ᠬᠤᠲᠠ᠂  ᠤᠷᠤᠨ ᠭᠤᠷᠪᠠᠨ ᠱᠠᠲᠤᠨ ᠤ ᠱᠠᠲᠤ ᠳᠠᠷᠠᠭᠠᠯᠠᠨ ᠥᠩᠭᠡᠷᠡᠬᠦ ᠪᠠ ᠰᠢᠯᠭᠠᠨ ᠠᠪᠬᠤ ᠳᠦᠷᠢᠮ ᠢ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠨᠢᠭᠡᠪᠦᠷᠢ ᠶᠢᠨ  ᠪᠣᠭᠤᠮᠲᠠ ᠶᠢ ᠴᠥᠮ ᠴᠢᠩᠭ᠎ᠠ ᠠᠳᠬᠤᠵᠤ᠂ ᠳᠤᠲᠠᠭᠤ ᠲᠤᠷᠭᠤᠨ ᠪᠠᠶᠢᠯᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠭᠤᠷᠪᠠ ᠳᠤ᠂ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠤᠭᠤᠴᠠᠭ᠎ᠠ ᠬᠢᠵᠠᠭᠠᠷᠯᠠᠨ ᠪᠦᠬᠦᠨ ᠢ  ᠰᠢᠢᠳᠪᠦᠷᠢᠯᠡᠨ᠎ᠡ᠃ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠵᠠᠩᠭᠢᠯᠠᠭ᠎ᠠ ᠶᠢᠨ ᠴᠠᠭ ᠦᠶ᠎ᠡ ᠳᠤ ᠡᠳᠦᠷ ᠤᠨ ᠲᠣᠬᠢᠷᠠᠭᠤᠯᠤᠯᠲᠠ ᠶᠢᠨ ᠵᠠᠭᠪᠤᠷ ᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠰᠠᠷ᠎ᠠ ᠶᠢᠨ ᠴᠡᠪᠡᠷᠯᠡᠯᠲᠡ ᠶᠢ ᠠᠬᠢᠭᠤᠯᠬᠤ ᠳᠦᠷᠢᠮ ᠢ ᠬᠡᠷᠡᠭᠵᠢᠭᠦᠯᠦᠨ᠎ᠡ᠃ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠴᠡᠭᠴᠡᠯᠡᠨ ᠰᠠᠶᠢᠵᠢᠷᠠᠭᠤᠯᠬᠤ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠨ᠎ᠡ︔ ᠴᠡᠭᠴᠡᠯᠡᠨ ᠰᠠᠶᠢᠵᠢᠷᠠᠭᠤᠯᠬᠤ ᠶᠢ  ᠱᠠᠯᠠᠪᠳᠠᠭᠤᠯᠵᠤ ᠪᠠᠶᠢᠭᠠᠳ ᠰᠢᠯᠭᠠᠨ ᠠᠪᠤᠭᠤᠯᠬᠤ ᠶᠢ  ᠳᠡᠭᠡᠭᠰᠢᠯᠡᠭᠦᠯᠬᠦ ᠬᠡᠷᠡᠭᠲᠡᠢ᠃    ᠡᠨᠡ ᠵᠢᠯ᠂ ᠮᠠᠨ ᠤ ᠬᠤᠰᠢᠭᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠣᠭᠠᠴᠢᠯᠠᠭᠰᠠᠨ ᠱᠠᠯᠠᠪᠳᠠᠭᠤᠯᠤᠨ ᠪᠠᠶᠢᠴᠠᠭᠠᠬᠤ ᠲᠠᠪᠴᠠᠩ ᠤᠨ ᠪᠠᠭᠤᠯᠭᠠᠭᠰᠠᠨ ᠲᠠᠪᠤᠨ ᠪᠦᠯᠦᠭ ᠤᠳᠠᠭ᠎ᠠ ᠶᠢᠨ ᠰᠠᠭᠤᠷᠢ ᠮᠥᠩᠭᠦᠨ ᠤ ᠪᠠᠯᠠ ᠮᠥᠩᠭᠦ ᠶᠢᠨ ᠰᠡᠵᠢᠭᠲᠡᠶ ᠴᠡᠭ ᠤᠨ ᠲᠤᠭ᠎ᠠ ᠪᠠᠷᠢᠮᠲᠠ ᠶᠢ ᠨᠡᠶᠢᠲᠡ 1039 ᠵᠤᠷᠪᠤᠰ ᠭᠥᠯᠢᠶᠡᠨ ᠠᠪᠴᠤ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠵᠡᠷᠭᠡ ᠳᠥᠷᠪᠡᠨ ᠲᠠᠯ᠎ᠠ ᠳᠤ ᠬᠤᠯᠪᠣᠭᠳᠠᠵᠠᠶ᠃ ᠣᠲᠣ ᠡᠲᠡᠭᠡᠷ ᠰᠡᠵᠢᠭ ᠲᠠᠢ ᠲᠤᠭ᠎ᠠ ᠪᠠᠷᠢᠮᠲᠠ ᠶᠢ ᠨᠢᠭᠡᠨᠲᠡ ᠪᠦᠬᠦᠨ ᠢ ᠬᠠᠷᠭᠤᠭᠤᠯᠤᠨ ᠪᠠᠶᠢᠴᠠᠭᠠᠵᠤ ᠳᠠᠭᠤᠰᠬᠠᠭᠠᠳ ᠂ ᠠᠰᠠᠭᠤᠳᠠᠯ ᠲᠠᠢ ᠲᠤᠭ᠎ᠠ ᠪᠠᠷᠢᠮᠲᠠ ᠶᠢ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠤᠷᠤᠨ ᠬᠤᠲᠠ ᠬᠤᠶᠠᠷ ᠱᠠᠲᠤᠨ ᠤ ᠰᠢᠯᠭᠠᠨ ᠠᠪᠬᠤ ᠶᠢ ᠥᠩᠭᠡᠷᠡᠭᠡᠭᠰᠡᠨ ᠪᠠᠶᠢᠨ᠎ᠠ᠃    ᠬᠤᠶᠢᠰᠢᠳᠠ ᠪᠢᠳᠡ ᠰᠠᠭᠤᠷᠢ ᠮᠥᠩᠭᠦ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂ ᠤᠶᠤᠨᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠠᠭᠤᠷᠢ ᠮᠥᠩᠭᠦ ᠶᠢᠨ ᠪᠡᠯᠡ ᠮᠥᠩᠭᠦ ᠶᠢᠨ ᠲᠣᠭᠠᠴᠢᠯᠠᠭᠰᠠᠨ  ᠱᠠᠯᠠᠪᠳᠠᠭᠤᠯᠤᠨ ᠪᠠᠶᠢᠴᠠᠭᠠᠬᠤ ᠰᠢᠰᠲ᠋ᠧᠮ ᠳᠤ ᠲᠦᠰᠢᠭᠯᠡᠨ᠂ ᠰᠠᠭᠤᠷᠢ ᠮᠥᠩᠭᠦ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠰᠦᠪᠡᠭᠴᠢᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ ᠪᠡᠯᠡ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠪᠠ ᠪᠦᠲᠦᠮᠵᠢᠲᠡᠢ ᠬᠠᠮᠢᠶᠠᠷᠬᠤ ᠶᠢ ᠪᠠᠲᠤᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号