ᠠᠤᠬᠠᠨ ᠬᠤᠰᠢᠭᠤᠨ ᠤ ᠨᠢᠭᠡᠨ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠲᠥᠷᠥᠯ ᠵᠦᠢᠯ ᠠᠰᠢᠭᠯᠠᠯᠲᠠ ᠳᠤ ᠣᠷᠣᠪᠠ︕ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠤᠨ ᠰᠠᠭᠤᠷᠢ ᠶᠢ ᠲᠠᠯᠪᠢᠪᠠ
ᠨᠡᠶᠢᠲᠡᠯᠡᠭᠰᠡᠨ ᠴᠠᠭ᠄
2024/7/18
        7 ᠰᠠᠷ᠎ᠠ ᠶᠢᠨ 17 ᠤ ᠡᠳᠦᠷ᠂ ᠤᠯᠠᠭᠠᠨᠬᠠᠳᠠ ᠶᠢᠨ ᠵᠢᠢ ᠯᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠯ ᠳᠤ ᠰᠢᠨ᠎ᠡ ᠪᠠᠷ 18 ᠲᠦᠮᠡᠨ ᠲᠣᠨ ᠠᠯᠲᠠᠨ ᠬᠦᠳᠡᠷ ᠤᠨ ᠬᠦᠳᠡᠷ  ᠰᠣᠩᠭᠤᠵᠤ ᠥᠷᠭᠡᠳᠬᠡᠨ ᠪᠠᠶᠢᠭᠤᠯᠬᠤ ᠲᠥᠷᠥᠯ ᠵᠦᠢᠯ ᠤᠨ  ᠪᠠᠷᠢᠯᠭ᠎ᠠ ᠶᠢ ᠳᠠᠭᠤᠰᠬᠠᠵᠤ᠂ ᠵᠢᠯ ᠳᠤ 10 ᠲᠣᠨ ᠠᠯᠲᠠᠨ ᠤ ᠨᠠᠷᠢᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠰᠠᠭᠤᠷᠢ ᠲᠠᠯᠪᠢᠬᠤ ᠵᠢᠴᠢ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠬᠤ ᠠᠵᠢᠯᠯᠠᠭ᠎ᠠ ᠰᠧ ᠳ᠋ᠤᠤ  ᠸᠠᠨ  ᠽᠢ ᠪᠠᠯᠭᠠᠰᠤᠨ ᠤ ᠵᠢᠢ ᠯᠦᠩ ᠠᠭᠤᠷᠬᠠᠢ ᠶᠢᠨ ᠣᠷᠣᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠼᠠᠢ ᠱᠧᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠸᠠᠩ ᠶᠦᠩ ᠵᠢᠶᠦ᠋ᠨ᠂ ᠮᠠ ᠯᠢ ᠬᠤᠸᠠ᠂ ᠶᠧ ᠰᠢᠤ ᠯᠢ ᠵᠡᠷᠭᠡ ᠬᠤᠰᠢᠭᠤᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠤᠯᠠᠭᠠᠨᠬᠠᠳᠠ ᠶᠢᠨ ᠠᠯᠲᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠸᠠᠩ ᠲᠦᠩ ᠠᠭᠤᠷᠬᠠᠶ ᠶᠢᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠠᠯᠲᠠᠨ ᠤ ᠪᠦᠯᠦᠭᠯᠡᠯ ᠤᠨ ᠥᠪᠥᠷ ᠮᠣᠩᠭᠤᠯ ᠤᠨ ᠶᠢᠨ ᠲᠤᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠠᠷᠪᠠᠳᠤᠭᠠᠷ ᠭᠠᠵᠠᠷ ᠰᠢᠨᠵᠢᠯᠡᠭᠡᠨ ᠤ ᠠᠭᠤᠷᠬᠠᠶ ᠶᠢᠨ ᠭᠠᠷᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠠᠳᠠ ᠶᠢᠨ ᠵᠢᠶ ᠯᠦᠩ ᠠᠭᠤᠷᠬᠠᠶ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃ ᠵᠠᠩ ᠶᠦᠩ ᠹᠦ᠋ ᠠᠵᠢᠯᠯᠠᠭ᠎ᠠ ᠶᠢ ᠡᠷᠬᠢᠯᠡᠪᠡ᠃
C:\Users\Administrator\Desktop\1.jpg
    ᠠᠵᠢᠯᠯᠠᠭ᠎ᠠ ᠶᠢᠨ ᠳᠤᠮᠳᠠ᠂ ᠤᠯᠠᠭᠠᠨᠬᠠᠳᠠ ᠶᠢᠨ ᠠᠯᠲᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠠᠶᠠᠷ ᠤᠨ ᠦᠭᠡ ᠬᠡᠯᠡᠪᠡ︔ ᠤᠯᠠᠭᠠᠨᠬᠠᠳᠠ ᠶᠢᠨ ᠵᠢᠢ ᠯᠦᠩ ᠠᠭᠤᠷᠬᠠᠢ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠪᠠ︔ ᠸᠠᠩ ᠶᠦᠩ ᠵᠢᠶᠦ᠋ᠨ ᠪᠠᠶᠠᠷ ᠤᠨ ᠦᠭᠡ ᠬᠡᠯᠡᠪᠡ᠃    ᠸᠠᠩ ᠶᠦᠩ ᠵᠢᠶᠦ᠋ᠨ ᠠᠴᠠ᠂ ᠣᠶᠢᠷ᠎ᠠ ᠶᠢᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠠᠤᠬᠠᠨ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠳᠥᠯᠭᠢᠨ ᠠᠬᠢᠭᠤᠯᠬᠤ ᠪᠠᠷ ᠵᠢᠯᠣᠭᠤᠳᠣᠯᠭ᠎ᠠ ᠪᠣᠯᠭᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠵᠤ᠂ ᠠᠭᠤᠷᠬᠠᠢ ᠶᠢᠨ ᠦᠢᠯᠡᠰ ᠤᠨ ᠠᠵᠤ ᠠᠬᠤᠶ ᠶᠢᠨ ᠰᠠᠭᠤᠷᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠪᠠᠶᠢᠨ᠎ᠠ᠃ ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ᠂ ᠠᠭᠤᠷᠬᠠᠶ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ ᠶᠢ ᠳᠡᠮᠵᠢᠨ ᠵᠣᠷᠢᠭᠵᠢᠭᠤᠯᠵᠤ᠂ ︽ᠲᠣᠮᠣ ᠠᠭᠤᠷᠬᠠᠶ ᠶᠢ ᠶᠡᠬᠡᠪᠡᠷ ᠨᠡᠭᠡᠭᠡᠨ ᠬᠥᠭᠵᠢᠭᠦᠯᠬᠦ᠂ ᠡᠯᠪᠡᠭ ᠠᠭᠤᠷᠬᠠᠶ ᠶᠢ ᠨᠠᠷᠢᠯᠢᠭ ᠨᠡᠭᠡᠭᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃  ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠠᠮ ᠠᠷᠭ᠎ᠠ ᠬᠡᠮᠵᠢᠶ᠎ᠡ︾ ᠶᠢ ᠬᠦᠴᠦᠯᠡᠨ ᠰᠠᠶᠢᠲᠤᠷ ᠬᠢᠵᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ︽ᠮᠠᠯᠲᠠᠬᠤ᠂ ᠰᠣᠩᠭᠤᠬᠤ᠂ ᠪᠣᠯᠪᠠᠰᠤᠷᠠᠭᠤᠯᠬᠤ᠂ ᠡᠳ᠋ᠰᠢᠭᠦᠯᠬᠦ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠬᠡᠷᠡᠭᠲᠡᠢ᠃ ᠠᠤᠬᠠᠨ ᠬᠤᠰᠢᠭᠤ ᠦᠷᠭᠦᠯᠵᠢᠯᠡᠨ ︽ᠠᠷᠠᠯᠵᠢᠶ᠎ᠠ ᠶᠢ ᠴᠢᠬᠤᠯᠠᠴᠢᠯᠠᠬᠤ᠂ ᠠᠷᠠᠯᠵᠢᠶ᠎ᠠ ᠶᠢ ᠳᠣᠲᠣᠨᠣᠴᠢᠯᠠᠬᠤ᠂ ᠠᠷᠠᠯᠵᠢᠶ᠎ᠠ ᠶᠢ ᠠᠮᠤᠷᠵᠢᠭᠤᠯᠬᠤ᠂ ᠠᠷᠠᠯᠵᠢᠶ᠎ᠠ ᠶᠢ ᠳᠤᠯᠠᠭᠠᠴᠠᠭᠤᠯᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠬᠦᠴᠦᠨ ᠴᠢᠳᠠᠯ ᠬᠤᠷᠠᠮᠳᠤᠭᠤᠯᠤᠨ᠂ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ᠎ᠠ︕  ᠭᠡᠵᠦ ᠢᠯᠡᠷᠬᠡᠶᠢᠯᠡᠪᠡ ᠃
 C:\Users\Administrator\Desktop\2.jpg
   ᠤᠯᠠᠭᠠᠨᠬᠠᠳᠠ ᠶᠢᠨ ᠠᠯᠲᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠮᠠ ᠯᠢ ᠬᠤᠸᠠ ᠲᠠᠢ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠪᠠ᠃ ᠵᠣᠣ ᠼᠠᠢ ᠱᠧᠩ ᠵᠢᠶ ᠯᠦᠩ ᠠᠭᠤᠷᠬᠠᠶ ᠶᠢᠨ ᠦᠢᠯᠡᠰ ᠤᠨ ᠵᠢᠯ ᠳᠤ ᠰᠢᠨ᠎ᠡ ᠪᠠᠷ 18 ᠲᠦᠮᠡᠨ ᠲᠣᠨ ᠠᠯᠲᠠᠨ ᠤ ᠬᠦᠳᠡᠷ ᠰᠢᠯᠢᠵᠦ ᠥᠷᠭᠡᠳᠬᠡᠨ ᠪᠠᠶᠢᠭᠤᠯᠬᠤ ᠲᠥᠷᠥᠯ  ᠵᠦᠢᠯ ᠢ ᠠᠵᠢᠯ ᠳᠠᠭᠤᠰᠬᠠᠵᠤ᠂ ᠵᠢᠯ ᠳᠤ 10 ᠲᠣᠨ  ᠠᠯᠲᠠ ᠶᠢ ᠨᠠᠷᠢᠯᠢᠭ ᠪᠣᠯᠪᠠᠰᠤᠷᠠᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠭᠰᠡᠨ ᠢ ᠵᠠᠷᠯᠠᠪᠠ᠃      ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠲᠥᠯᠥᠭᠡᠯᠡᠭᠴᠢᠳ ᠵᠢᠢ ᠯᠦᠩ ᠠᠭᠤᠷᠬᠠᠢ ᠶᠢᠨ ᠦᠢᠯᠡᠰ ᠤᠨ ᠵᠢᠯ ᠤᠨ 10 ᠲᠣᠨ ᠠᠯᠲᠠ ᠶᠢ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠰᠢᠷᠤᠢ ᠨᠡᠮᠡᠵᠦ ᠰᠠᠭᠤᠷᠢ ᠲᠠᠯᠪᠢᠪᠠ᠃
 C:\Users\Administrator\Desktop\3.jpg
   ᠣᠶᠢᠯᠠᠭᠠᠭᠰᠠᠨ ᠢᠶᠠᠷ᠂ ᠵᠢᠶ ᠯᠦᠩ ᠠᠭᠤᠷᠬᠠᠶ ᠶᠢᠨ  ᠦᠢᠯᠡᠰ ᠵᠢᠯ ᠳᠤ ᠰᠢᠨ᠎ᠡ ᠪᠠᠷ 18 ᠲᠦᠮᠡᠨ ᠲᠣᠨ ᠠᠯᠳᠠᠨ ᠤ ᠬᠦᠳᠡᠷ ᠰᠢᠯᠢᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠪᠠᠶᠢᠵᠤ᠂ ᠤᠤᠯ ᠤᠨ ᠡᠳᠦᠷ  ᠲᠤ 400 ᠲᠣᠨ ᠠᠯᠲᠠᠨ ᠬᠦᠳᠡᠷ ᠰᠢᠯᠢᠬᠦ ᠦᠢᠯᠡᠳᠪᠦᠷᠢ ᠶᠢᠨ ᠰᠠᠭᠤᠷᠢᠨ ᠳᠡᠭᠡᠷ᠎ᠡ᠂ ᠨᠢᠭᠡᠨ ᠤᠶᠤᠨᠴᠢᠯᠠᠭᠰᠠᠨ᠂ ᠠᠦ᠋ᠲ᠋ᠣᠴᠢᠯᠠᠭᠰᠠᠨ᠂ ᠲᠣᠭᠠᠴᠢᠯᠠᠭᠰᠠᠨ ᠡᠳᠦᠷ  ᠲᠤ  600 ᠲᠣᠨ ᠬᠦᠳᠡᠷ ᠰᠢᠯᠢᠬᠦ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ ᠬᠦᠳᠡᠷ ᠰᠢᠯᠢᠬᠦ ᠴᠢᠳᠠᠪᠤᠷᠢ ᠨᠢ  ᠡᠳᠦᠷ ᠲᠤ 1000 ᠲᠣᠨ ᠬᠦᠷᠴᠦ᠂ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢᠶᠠᠷ ᠳᠠᠮᠵᠢᠭᠤᠯᠤᠨ ᠤᠤᠯ ᠤᠨ ᠦᠢᠯᠡᠳᠪᠦᠷᠢᠯᠡᠯ ᠤᠨ ᠬᠡᠪᠴᠢᠶ᠎ᠡ ᠨᠢ ᠵᠢᠯ ᠳᠤ 12 ᠲᠦᠮᠡᠨ ᠲᠣᠨ ᠪᠠᠶᠢᠭᠰᠠᠨ ᠠᠴᠠ ᠪᠠᠨ ᠵᠢᠯ ᠳᠤ 30 ᠲᠦᠮᠡᠨ ᠲᠣᠨ ᠪᠣᠯᠤᠨ  ᠨᠡᠮᠡᠭᠳᠡᠬᠦ ᠪᠣᠯᠤᠨ᠎ᠠ᠃ ᠣᠳᠣᠬᠠᠨ ᠳᠤ᠂ ᠲᠥᠷᠥᠯ ᠵᠦᠢᠯ ᠨᠢᠭᠡᠨᠲᠡ ᠦᠢᠯᠡᠳᠪᠦᠷᠢᠯᠡᠯ ᠳᠤ ᠣᠷᠣᠵᠤ᠂ ᠵᠢᠯ ᠳᠤ 800 ᠺᠢᠯᠣᠭ᠍ᠷᠠᠮ ᠠᠯᠲᠠ ᠶᠢ ᠰᠢᠨ᠎ᠡ ᠪᠠᠷ ᠨᠡᠮᠡᠭᠳᠡᠭᠦᠯᠦᠨ᠂ ᠦᠢᠯᠡᠳᠬᠦᠨ ᠤ ᠥᠷᠲᠡᠭ ᠢ 5 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠠᠰᠢᠭ ᠭᠠᠶᠢᠯᠢ ᠶᠢ 8000 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠵᠤ᠂ 260 ᠬᠥᠮᠦᠨ ᠳᠤ ᠠᠵᠢᠯ  ᠣᠯᠭᠤᠬᠤ ᠪᠣᠯᠤᠨ᠎ᠠ᠃
C:\Users\Administrator\Desktop\4.jpg
    ᠵᠢᠢ ᠯᠦᠩ ᠠᠭᠤᠷᠬᠠᠶ ᠶᠢᠨ ᠦᠢᠯᠡᠰ ᠤᠨ ᠵᠢᠯ ᠳᠤ 10 ᠲᠣᠨ ᠠᠯᠲᠠ ᠶᠢ ᠨᠠᠷᠢᠯᠢᠭ ᠪᠣᠯᠪᠠᠰᠤᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠵᠢᠯ ᠳᠤ 10 ᠲᠣᠨ ᠠᠯᠲᠠᠨ ᠤ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ ᠴᠢᠨᠠᠷ ᠰᠠᠶᠢᠲᠠᠢ ᠠᠯᠲᠠᠨ ᠤ ᠨᠤᠨᠲᠠᠭ ᠢ ᠨᠠᠷᠢᠯᠢᠭ ᠪᠣᠯᠪᠠᠰᠤᠷᠠᠭᠤᠯᠤᠭᠰᠠᠨ ᠤ ᠳᠠᠷᠠᠭ᠎ᠠ ᠤᠯᠤᠰ ᠤᠨ ᠪᠠᠷᠢᠮᠵᠢᠶ᠎ᠠ ᠶᠢᠨ ᠳᠡᠰ ᠲᠤ ᠬᠦᠷᠭᠡᠵᠦ᠂ ᠬᠡᠪᠴᠢᠶ᠎ᠡ ᠪᠠ ᠠᠯᠲᠠᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠡᠭᠡᠭᠰᠢᠯᠡᠭᠦᠯᠬᠦ ᠪᠣᠯᠤᠨ᠎ᠠ᠃ ᠵᠢᠱᠢᠯᠲᠡ ᠪᠠᠷ 2026 ᠣᠨ ᠳᠤ ᠪᠠᠶᠢᠭᠤᠯᠵᠤ ᠳᠠᠭᠤᠰᠬᠠᠭᠠᠳ ᠪᠡᠯᠡ ᠣᠷᠣᠭᠤᠯᠵᠤ᠂ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠦᠢᠯᠡᠳᠬᠦᠨ ᠤ ᠥᠷᠲᠡᠭ ᠨᠢ 50 ᠳ᠋ᠦᠩᠰᠢᠭᠤᠷ ᠲᠥᠭᠦᠷᠢᠭ ᠠᠷᠠᠳ ᠤᠨ ᠵᠣᠭᠤᠰ᠂ ᠵᠢᠯ ᠤᠨ ᠠᠰᠢᠭ ᠭᠠᠶᠢᠯᠢ ᠨᠢ 1000 ᠲᠦᠮᠡᠨ ᠲᠥᠭᠦᠷᠢᠭ ᠠᠷᠠᠳ ᠤᠨ ᠵᠣᠭᠤᠰ ᠲᠤ ᠬᠦᠷᠴᠦ᠂ 150 ᠬᠥᠮᠦᠨ ᠳᠤ ᠠᠵᠢᠯ ᠣᠯᠭᠤᠬᠤ ᠶᠢ ᠳᠠᠶᠢᠴᠢᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号