| 7 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ᠂ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠢᠨᠵᠧᠨᠧᠷᠢᠩ ᠤᠨ ᠲᠤᠰᠬᠠᠶ ᠮᠡᠷᠭᠡᠵᠢᠯᠲᠡᠨ᠂ ᠡᠷᠳᠡᠨᠢ ᠰᠢᠰᠢ ᠶᠢᠨ ᠠᠬᠠᠯᠠᠬᠤ ᠲᠤᠰᠬᠠᠶ ᠮᠡᠷᠭᠡᠵᠢᠯᠲᠡᠨ ᠯᠢ ᠱᠣᠤ ᠺᠦᠨ | ᠪᠠᠭᠰᠢ ᠮᠠᠨ ᠤ ᠬᠤᠰᠢᠭᠤᠨ ᠳᠤ ᠢᠷᠡᠵᠦ ᠡᠷᠳᠡᠨᠢ ᠰᠢᠰᠢ ᠶᠢ ᠨᠢᠭᠲᠠ ᠳᠠᠷᠢᠵᠤ ᠣᠨᠤᠪᠴᠢᠲᠠᠢ ᠪᠠᠷ ᠳᠣᠭᠢᠷᠠᠭᠤᠯᠤᠨ | ᠡᠵᠡᠮᠳᠡᠬᠦ ᠮᠡᠷᠭᠡᠵᠢᠯ ᠢ ᠳᠡᠯᠭᠡᠷᠡᠭᠦᠯᠬᠦ ᠠᠵᠢᠯ ᠤᠨ ᠲᠤᠬᠠᠶ ᠵᠢᠯᠣᠭᠤᠳᠣᠯᠭ᠎ᠠ ᠬᠢᠵᠦ᠂ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠩ ᡁᠢ ᠮᠢᠨ ᠨᠡᠷ ᠪᠠᠷ᠎ᠠ ᠪᠣᠯᠪᠠ᠃ | ᠯᠢ ᠱᠣᠤ ᠺᠦᠨ ᠪᠠᠭᠰᠢ ᠨᠠᠷ ᠤᠷᠢᠳ ᠬᠤᠵᠢᠳ ᠬᠤᠸᠠᠩ ᠶᠠᠩ ᠸᠠ ᠪᠠᠯᠭᠠᠰᠤᠨ ᠤ ᠡᠷᠳᠡᠨᠢ ᠰᠢᠰᠢ ᠶᠢᠨ ᠰᠢᠨ᠎ᠡ | ᠡᠭᠦᠯᠳᠡᠷ᠂ ᠰᠢᠨ᠎ᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠡᠷᠳᠡᠨᠢ ᠰᠢᠰᠢ ᠶᠢ | ᠨᠢᠭᠲᠠ ᠳᠠᠷᠢᠵᠤ ᠶᠡᠭᠡ ᠬᠡᠪᠴᠢᠶ᠎ᠡ ᠪᠠᠷ ᠵᠢᠱᠢᠶ᠎ᠡ ᠦᠵᠡᠭᠦᠯᠬᠦ ᠲᠠᠷᠢᠶᠠᠨ ᠳᠤ ᠬᠦᠷᠴᠦ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ | ᠤᠨᠠᠯᠲᠠ ᠲᠠᠢ ᠮᠡᠷᠭᠡᠵᠢᠯ ᠤᠨ ᠳᠠᠪᠠᠭᠤᠯᠢᠭ ᠢ ᠣᠨᠣᠪᠴᠢᠲᠠᠶ ᠲᠣᠬᠢᠷᠠᠭᠤᠯᠤᠨ ᠡᠵᠡᠮᠳᠡᠬᠦ᠂ ᠬᠡᠷᠡᠭᠯᠡᠭᠡᠨ ᠤ ᠭᠤᠤᠯᠳᠠᠯᠭ᠎ᠠ | ᠵᠡᠷᠭᠡ ᠲᠠᠯ᠎ᠠ ᠪᠠᠷ ᠲᠤᠬᠠᠶ ᠶᠢᠨ ᠭᠠᠵᠠᠷ ᠤᠨ ᠲᠠᠷᠢᠮᠠᠯ ᠤᠨ ᠲᠣᠮᠣ ᠡᠷᠦᠬᠡ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ | ᠨᠠᠷ ᠲᠠᠢ ᠰᠠᠨᠠᠯ ᠢᠶᠠᠨ ᠰᠣᠯᠢᠯᠴᠠᠭᠰᠠᠨ ᠪᠥᠭᠡᠳ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠡᠷᠳᠡᠨᠢ ᠰᠢᠰᠢ ᠶᠢᠨ | ᠤᠷᠭᠤᠯᠲᠠ ᠶᠢᠨ ᠪᠠᠶᠢᠳᠠᠯ ᠢ ᠦᠨᠳᠦᠰᠦᠯᠡᠨ ᠪᠣᠳᠠᠲᠠᠶ ᠬᠠᠮᠢᠶᠠᠷᠤᠯᠲᠠ ᠶᠢᠨ ᠰᠠᠨᠠᠭᠤᠯᠭ᠎ᠠ ᠳᠤᠷᠠᠳᠪᠠ᠃ | ᠯᠢ ᠱᠣᠤ ᠺᠦᠨ ᠪᠠᠭᠰᠢ ᠮᠠᠨ ᠤ ᠬᠤᠰᠢᠭᠤᠨ ᠤ ᠡᠷᠳᠡᠨᠢ ᠰᠢᠰᠢ ᠶᠢ ᠨᠢᠭᠲᠠ ᠳᠠᠷᠢᠵᠤ ᠣᠨᠣᠪᠴᠢᠲᠠᠶ ᠡᠵᠡᠮᠳᠡᠬᠦ | ᠮᠡᠷᠭᠡᠵᠢᠯ ᠢ ᠳᠡᠯᠭᠡᠷᠡᠭᠦᠯᠬᠦ ᠠᠵᠢᠯ ᠢ ᠭᠦᠢᠴᠡᠳ ᠨᠤᠲᠠᠯᠠᠭᠰᠠᠨ ᠪᠥᠭᠡᠳ ᠬᠤᠶᠢᠰᠢᠳᠠ ᠮᠠᠨ ᠤ ᠬᠤᠰᠢᠭᠤᠨ ᠤ | ᠪᠦᠷᠬᠦᠪᠴᠢ ᠥᠬᠡᠶ ᠳᠤᠰᠤᠯᠭᠠᠨ ᠤᠰᠤᠯᠠᠬᠤ ᠵᠡᠷᠭᠡ ᠮᠡᠷᠭᠡᠵᠢᠯ ᠢ ᠳᠡᠯᠭᠡᠷᠡᠭᠦᠯᠬᠦ ᠲᠤᠬᠠᠶ ᠯᠠᠪᠯᠠᠯᠲᠠ ᠰᠠᠨᠠᠯ ᠳᠤᠷᠠᠳᠴᠠᠶ ᠃ | | 2024 ᠣᠨ ᠳᠤ ᠠᠤᠬᠠᠨ ᠬᠤᠰᠢᠭᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ | ᠣᠨᠤᠪᠴᠢᠲᠠᠢ ᠪᠠᠷ ᠳᠣᠭᠢᠷᠠᠭᠤᠯᠤᠨ ᠡᠵᠡᠮᠳᠡᠬᠦ ᠵᠠᠭᠪᠤᠷ︾ ᠢᠶᠠᠷ ᠮᠡᠷᠭᠡᠵᠢᠯ ᠤᠨ ᠲᠤᠯᠭᠠᠭᠤᠷᠢᠯᠠᠯ ᠪᠣᠯᠭᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠰᠠᠭᠤᠷᠢ ᠪᠣᠯᠭᠠᠵᠤ᠂ ︽3 + N ︾ | ᠢ ᠳᠡᠯᠭᠡᠷᠡᠭᠦᠯᠬᠦ ᠵᠠᠭᠪᠤᠷ ᠢ ᠪᠣᠶ ᠪᠣᠯᠭᠠᠵᠤ᠂ ᠡᠷᠳᠡᠨᠢ ᠰᠢᠰᠢ ᠶᠢ ᠨᠢᠭᠲᠠ ᠳᠠᠷᠢᠵᠤ ᠤᠷᠭᠤᠭᠤᠯᠬᠤ ᠲᠠᠯᠠᠪᠠᠶ ᠶᠢ 10 | ᠲᠦᠮᠡᠨ ᠮᠥ ᠠᠴᠠ ᠳᠡᠭᠡᠭᠰᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠡᠭᠦᠨ ᠤ ᠤᠯᠠᠮ ᠢᠶᠠᠷ ᠪᠥᠬᠦ ᠬᠤᠰᠢᠭᠤᠨ ᠤ | ᠡᠷᠳᠡᠨᠢ ᠰᠢᠰᠢ ᠶᠢᠨ ᠶᠡᠭᠡ ᠬᠡᠪᠴᠢᠶ᠎ᠡ ᠪᠠᠷ ᠲᠡᠩᠴᠡᠭᠦᠷᠢᠲᠡᠶ ᠤᠨᠠᠯᠲᠠ ᠶᠢ ᠨᠡᠮᠡᠭᠳᠡᠭᠦᠯᠬᠦ ᠶᠢ ᠳᠠᠶᠢᠴᠢᠯᠠᠵᠤ᠂ ᠤᠰᠤ | ᠪᠣᠷᠳᠣᠭᠤᠷ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠵᠤ᠂ ᠪᠥᠬᠦ ᠬᠤᠰᠢᠭᠤᠨ ᠤ ᠲᠠᠷᠢᠶᠠᠯᠠᠩ ᠤᠨ | ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ | |