ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠯᠦ ᠯᠢᠶᠠᠨ ᠭᠦᠸᠧ ᠲᠣᠪᠴᠢᠶᠠᠨ ᠳᠠᠷᠤᠭ᠎ᠠ ᠨᠠᠷ ᠠᠤᠬᠠᠨ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/19
    7 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠠᠤᠬᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠰᠦᠨ ᠭᠦᠸᠧ ᠯᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠯᠦ ᠯᠢᠶᠠᠨ ᠭᠦᠸᠧ ᠵᠡᠷᠭᠡ ᠳᠤ ᠪᠠᠷ᠎ᠠ ᠪᠣᠯᠵᠤ ᠠᠤᠬᠠᠨ ᠬᠤᠰᠢᠭᠤᠨ ᠤ ᠭᠤᠤᠯᠳᠠᠯᠭ᠎ᠠ ᠲᠠᠢ ᠠᠵᠤ ᠠᠬᠤᠶᠢᠯᠠᠯ ᠪᠠ ᠭᠤᠤᠯᠳᠠᠯᠭ᠎ᠠ ᠲᠠᠢ ᠲᠥᠷᠥᠯ ᠵᠦᠢᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃    ᠯᠦ ᠯᠢᠶᠠᠨ ᠭᠦᠸᠧ ᠨᠠᠷ ᠤᠯᠠᠭᠠᠨᠬᠠᠳᠠ ᠶᠢᠨ ᠪᠥᠸᠧ ᠳ᠋ᠠ ᠴᠠᠶᠢᠷ ᠤᠨ ᠺᠣᠮᠫᠠᠨᠢ᠂ ᠥᠪᠥᠷ ᠮᠣᠩᠭᠤᠯ ᠤᠨ  ᠱᠠ ᠮᠥᠸᠧ ᡁᠢ ᠬᠤᠸᠠ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠤᠣ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠢ ᠰᠤᠷᠪᠤᠯᠵᠢᠯᠠᠭᠰᠠᠨ ᠪᠥᠭᠡᠳ 2024 ᠣᠨ ᠤ ᠠᠤᠬᠠᠨ ᠬᠤᠰᠢᠭᠤᠨ ᠤ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ  ᠰᠣᠶᠣᠯ ᠤᠨ ᠨᠠᠶᠢᠷ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ᠂ ᠰᠢᠨ ᠾᠦᠢ ᠪᠠᠯᠭᠠᠰᠤᠨ ᠤ ᠬᠤᠳᠠᠯᠳᠤᠭᠠᠨ ᠤ ᠵᠡᠭᠡᠯᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠪᠧᠨ ᠶᠤᠸᠠᠨ ᠱᠢ ᠳ᠋ᠠᠢ ᠶᠢᠨ ᠪᠣᠬᠢᠷᠲᠤᠯ ᠦᠭᠡᠢ ᠴᠠᠬᠢᠯᠭᠠᠨ ᠴᠠᠬᠢᠭᠤᠷ ᠤᠨ ᠦᠢᠯᠡᠰ ᠤᠨ ᠲᠦᠷᠦᠯ ᠵᠦᠢᠯ ᠤᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃    ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ᠂ ᠯᠦ ᠯᠢᠶᠠᠨ ᠭᠦᠸᠧ ᠨᠠᠷ ᠠᠵᠤ ᠠᠬᠤᠶᠢᠯᠠᠯ ᠤᠨ ᠦᠢᠯᠡᠳᠪᠦᠷᠢᠯᠡᠯ᠂ ᠡᠵᠡᠩᠨᠡᠯᠲᠡ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠭᠠᠳᠠᠭᠠᠳᠤ ᠪᠡᠯᠡ ᠶᠢ ᠣᠷᠣᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠵᠡᠷᠭᠡ ᠶᠠᠪᠤᠴᠠ ᠳᠠᠬᠢ ᠬᠦᠰᠡᠯ ᠱᠠᠭᠠᠷᠳᠠᠯᠭ᠎ᠠ ᠶᠢ ᠰᠣᠨᠣᠰᠴᠠᠢ᠃ ᠤᠯᠠᠭᠠᠨᠬᠠᠳᠠ ᠶᠢᠨ ᠪᠥᠸᠧ ᠳ᠋ᠠ ᠴᠠᠶᠢᠷ ᠤᠨ ᠬᠢᠵᠠᠭᠠᠷᠲᠤ ᠺᠣᠮᠫᠠᠨᠢ ᠶᠢᠨ ᠭᠠᠳᠠᠭᠠᠳᠤ ᠳᠤ ᠭᠠᠷᠭᠠᠬᠤ ᠪᠠ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ ᠶᠢᠨ ᠭᠠᠳᠠᠭᠠᠳᠤ ᠠᠴᠠ ᠣᠷᠣᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠳᠤ ᠬᠠᠨᠳᠤᠯᠭᠠᠲᠤ ᠴᠢᠨᠠᠷᠲᠠᠶ ᠰᠢᠢᠳᠪᠦᠷᠢᠯᠡᠬᠦ ᠲᠥᠰᠦᠯ ᠳᠤᠷᠠᠳᠪᠠ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠠᠵᠤ ᠠᠬᠤᠶᠢᠯᠠᠯ ᠤᠨ ᠬᠤᠶᠢᠰᠢᠳᠠ ᠶᠢᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠢᠳᠡᠪᠬᠢᠵᠢᠯ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠴᠢᠳᠠᠪᠤᠷᠢ ᠪᠠ ᠢᠲᠡᠭᠡᠯ ᠢ ᠨᠡᠮᠡᠭᠳᠡᠭᠦᠯᠪᠡ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠡᠬᠢ ᠪᠠᠶᠠᠯᠢᠭ ᠢ ᠵᠣᠯᠭᠠᠭᠤᠯᠬᠤ᠂ ᠬᠦᠴᠢᠷᠳᠡᠯ ᠢ ᠰᠢᠢᠳᠪᠦᠷᠢᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号