1—6 ᠰᠠᠷ᠎ᠠ ᠳᠤ ᠠᠤᠬᠠᠨ ᠬᠤᠰᠢᠭᠤᠨ ᠤ ᠡᠳ᠋ ᠤᠨ ᠵᠠᠰᠠᠭ ᠤᠨ ᠣᠷᠣᠨ ᠨᠤᠲᠤᠭ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 27387 ᠲᠦᠮᠡᠨ ᠲᠥᠭᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/2
    2024 ᠣᠨ ᠤ 1 — 6 ᠰᠠᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠣᠷᠣᠨ ᠨᠤᠲᠤᠭ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 27387 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠬᠤᠲᠠ ᠳᠤ 8 ᠳ᠋ᠤᠭᠠᠷ ᠲᠤ ᠵᠢᠭᠰᠠᠭᠠᠭᠳᠠᠵᠤ᠂ ᠪᠥᠬᠦ ᠵᠢᠯ ᠤᠨ ᠲᠥᠰᠦᠪ ᠤᠨ ᠡᠭᠦᠷᠭᠡ ᠶᠢᠨ 49.4 % ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3468 ᠲᠦᠮᠡᠨ ᠲᠥᠭᠦᠷᠢᠭ ᠪᠠᠭᠠᠰᠴᠤ᠂ 11.2 % ᠪᠠᠷ ᠪᠠᠭᠤᠷᠠᠵᠤ᠂ ᠪᠥᠬᠦ ᠬᠤᠲᠠ ᠳᠤ 10 ᠳ᠋ᠤᠭᠠᠷ ᠲᠤ ᠵᠢᠭᠰᠠᠭᠠᠭᠳᠠᠪᠠ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 14265 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠬᠤᠲᠠ ᠶᠢᠨ 9 ᠳ᠋ᠦ᠋ᠭᠡᠷ ᠲᠤ ᠵᠢᠭᠰᠠᠭᠠᠭᠳᠠᠵᠤ᠂ ᠪᠥᠬᠦ ᠵᠢᠯ ᠤᠨ ᠡᠭᠦᠷᠭᠡ ᠶᠢᠨ 39.2 % ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1071 ᠲᠦᠮᠡᠨ ᠲᠥᠭᠦᠷᠢᠭ ᠨᠡᠮᠡᠭᠳᠡᠵᠦ᠂ 8.1 % ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 13122 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠬᠤᠲᠠ ᠶᠢᠨ 7 ᠳ᠋ᠤᠭᠠᠷ ᠲᠤ ᠵᠢᠭᠰᠠᠭᠠᠭᠳᠠᠵᠤ᠂ ᠪᠥᠬᠦ ᠵᠢᠯ ᠤᠨ ᠡᠭᠦᠷᠭᠡ ᠶᠢᠨ 69.1 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4539 ᠲᠦᠮᠡᠨ ᠲᠥᠭᠦᠷᠢᠭ ᠪᠠᠭᠠᠰᠴᠤ᠂ 25.7 % ᠪᠠᠷ ᠪᠠᠭᠤᠷᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号