ᠠᠤᠬᠠᠨ ᠬᠤᠰᠢᠭᠤᠨ ᠤ 2024 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠣᠶ ᠰᠢᠭᠤᠶ ᠶᠢᠨ ᠳᠠᠭᠠᠳᠬᠠᠯ ᠳᠤ ᠣᠷᠣᠯᠴᠠᠬᠤ ᠠᠵᠢᠯ ᠤᠨ ᠬᠡᠷᠡᠭᠵᠢᠭᠦᠯᠬᠦ ᠲᠥᠰᠦᠯ  ᠤᠨ ᠲᠦᠷᠦ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/22
         ᠠᠤᠬᠠᠨ ᠬᠤᠰᠢᠭᠤᠨ ᠤ 2024 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠣᠶ ᠰᠢᠭᠤᠶ ᠶᠢᠨ ᠳᠠᠭᠠᠳᠬᠠᠯ ᠳᠤ ᠣᠷᠣᠯᠴᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠲᠦᠷᠦ ᠶᠢᠨ ᠪᠣᠳᠤᠯᠭ᠎ᠠ ᠶᠢᠨ ᠲᠠᠶᠢᠯᠤᠮᠵᠢ    ᠨᠢᠭᠡ᠂ ᠣᠷᠣᠨ ᠲᠣᠭᠠᠨ ᠤ ᠠᠬᠤᠢ ᠪᠠᠶᠢᠳᠠᠯ    2024 ᠣᠨ ᠤ ᠪᠥᠬᠦ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠣᠶ ᠰᠢᠭᠤᠶ ᠶᠢᠨ ᠳᠠᠭᠠᠳᠬᠠᠯ ᠳᠤ ᠣᠷᠣᠯᠴᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ     ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ       ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ      ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ      ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ︵ᠥᠪᠥᠷ ᠡᠳ᠋ ᠮᠥᠩᠭᠦ ︹2020︺ 411 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ︵ᠨᠢᠭᠡ︶ ᠳᠠᠭᠠᠳᠬᠠᠯ ᠤᠨ ᠲᠦᠷᠦᠯ ᠵᠦᠢᠯ ᠵᠢᠴᠢ ᠭᠠᠷᠳᠠᠨ ᠭᠦᠢᠴᠡᠳᠭᠡᠬᠦ ᠪᠠᠶᠢᠭᠤᠯᠤᠮᠵᠢ    1. ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠮᠠᠯ ᠤᠨ ᠦᠢᠯᠡᠰ ᠤᠨ ᠳᠠᠭᠠᠳᠬᠠᠯ᠃    2. ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠳᠠᠭᠠᠳᠬᠠᠯ ᠤᠨ ᠲᠥᠷᠥᠯ᠃     3. ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ᠃       4. ᠣᠶ ᠰᠢᠭᠤᠶ ᠶᠢᠨ ᠳᠠᠭᠠᠳᠬᠠᠯ᠃       ︵ᠬᠤᠶᠠᠷ︶ ᠲᠠᠷᠢᠶᠠᠯᠠᠩ ᠤᠢ ᠰᠢᠭᠤᠢ ᠶᠢᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠤᠨ ᠵᠠᠷᠤᠳᠠᠯ ᠤᠨ ᠨᠦᠬᠦᠪᠦᠷᠢ ᠦᠭᠬᠦ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ    1. ᠲᠥᠪ ᠤᠨ ᠡᠳ᠋ ᠤᠨ ᠵᠠᠰᠠᠭ ᠤᠨ ᠲᠠᠷᠢᠮᠠᠯ ᠤᠨ ᠦᠢᠯᠡᠰ ᠤᠨ ᠳᠠᠭᠠᠳᠬᠠᠯ ᠤᠨ ᠵᠠᠷᠤᠳᠠᠯ ᠤᠨ ᠨᠥᠬᠦᠪᠦᠷᠢ ᠣᠯᠭᠤᠬᠤ ᠲᠥᠷᠥᠯ ᠵᠦᠢᠯ    ︵1︶ ᠰᠢᠭᠤᠳ ᠪᠣᠳᠠᠰᠴᠢᠯᠠᠭᠰᠠᠨ ᠥᠪᠡᠷ ᠤᠨ ᠥᠷᠲᠡᠭ ᠤᠨ ᠳᠠᠭᠠᠳᠬᠠᠯ ᠤᠨ ᠵᠠᠷᠤᠳᠠᠯ ᠤᠨ ᠨᠥᠬᠦᠪᠦᠷᠢ ᠣᠯᠭᠤᠬᠤ ᠲᠥᠷᠥᠯ ᠵᠦᠢᠯ ᠨᠢ  ᠤᠰᠤᠯᠠᠯᠲᠠ ᠶᠢᠨ ᠲᠥᠮᠥᠰᠥ᠂ ᠬᠠᠭᠤᠷᠠᠢ ᠭᠠᠵᠠᠷ ᠤᠨ ᠲᠥᠮᠥᠰᠥ᠂ ᠨᠡᠷᠡᠨ ᠬᠤᠸᠠᠷ᠂ ᠰᠢᠬᠢᠷ ᠯᠤᠤᠪᠠᠩ᠂ ᠰᠢᠷ᠎ᠠ ᠪᠤᠷᠴᠠᠭ ᠪᠣᠯᠣᠨ᠎ᠠ᠃    ︵2︶ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠲᠥᠷᠥᠯ ᠵᠦᠢᠯ ᠨᠢ ᠡᠷᠳᠡᠨᠢ ᠰᠢᠰᠢ᠂ ᠤᠰᠤᠨ ᠲᠤᠲᠤᠷᠭ᠎ᠠ ᠪᠠ ᠪᠤᠭᠤᠳᠠᠶ ᠵᠡᠷᠭᠡ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠪᠣᠯᠤᠨ᠎ᠠ︔    ︵3︶ ᠦᠷ᠎ᠡ  ᠪᠣᠶᠢᠵᠢᠭᠤᠯᠬᠤ ᠦᠢᠯᠡᠰ ᠤᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠲᠥᠷᠥᠯ ᠵᠦᠢᠯ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠶᠢᠨ ᠲᠣᠭᠲᠠᠭᠠᠯ ᠳᠤ ᠨᠡᠶᠢᠴᠡᠵᠦ᠂ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠪᠤᠶᠤ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠤᠨ ᠥᠷᠨᠢᠭᠦᠯᠦᠭᠰᠡᠨ ᠡᠷᠳᠡᠨᠢ ᠰᠢᠰᠢ ᠶᠢᠨ ᠦᠷ᠎ᠡ ᠪᠤᠶᠢᠵᠢᠭᠤᠯᠬᠤ᠂ ᠥᠷᠭᠡᠳᠬᠡᠨ ᠦᠷᠡᠵᠢᠭᠦᠯᠬᠦ ᠪᠠ ᠲᠠᠸᠠᠷᠴᠢᠯᠠᠨ ᠦᠢᠯᠡᠳᠪᠦᠷᠢᠯᠡᠬᠦ ᠵᠡᠷᠭᠡ ᠦᠷ᠎ᠡ ᠶᠢᠨ ᠦᠢᠯᠡᠳᠪᠦᠷᠢᠯᠡᠯ ᠤᠨ ᠭᠤᠭᠴᠤᠭ᠎ᠠ ᠪᠠᠭᠲᠠᠨ᠎ᠠ︔    ︵4︶ ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠲᠥᠷᠥᠯ ᠵᠦᠢᠯ ᠄ ᠰᠠᠭᠠᠯᠢ ᠶᠢᠨ ᠦᠨᠢᠶ᠎ᠡ᠂  ᠮᠡᠭᠡᠵᠢ᠂  ᠪᠣᠷᠳᠣᠨ ᠭᠠᠭ᠋ᠠᠶ︔    ︵5︶ ᠣᠶ ᠰᠢᠭᠤᠶ ᠶᠢᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠲᠥᠷᠥᠯ ᠵᠦᠢᠯ ᠄ ᠥᠰᠥᠯᠲᠡ ᠪᠠ ᠬᠠᠮᠢᠶᠠᠷᠤᠯᠲᠠ ᠨᠢ ᠬᠡᠪ ᠤᠨ ᠨᠡᠶᠢᠲᠡ ᠶᠢᠨ ᠠᠰᠠᠷᠠᠮᠵᠢ ᠶᠢᠨ ᠣᠶ᠂ ᠲᠠᠸᠠᠷ ᠤᠨ ᠣᠶ ᠪᠣᠯᠤᠨ᠎ᠠ᠃    2. ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠤᠨ ᠲᠥᠷᠥᠯ ᠵᠦᠢᠯ    ︵1︶  ᠲᠦᠬᠦᠭᠡᠷᠦᠮᠵᠢᠲᠦ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠬᠡᠪᠴᠢᠶ᠎ᠡ ᠄ ᠲᠤᠬᠠᠶ ᠶᠢᠨ ᠭᠠᠵᠠᠷ ᠤᠨ ᠦᠢᠯᠡᠳᠪᠦᠷᠢᠯᠡᠯ ᠤᠨ ᠨᠥᠬᠦᠴᠡᠯ ᠳᠤ ᠳᠣᠭᠢᠷᠠᠬᠤ ᠶᠢᠨ ᠬᠠᠮᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠮᠡᠳᠡᠷᠡᠭᠰᠡᠨ ᠮᠥᠷᠲᠡᠭᠡᠨ ᠲᠥᠬᠦᠭᠡᠷᠦᠮᠵᠢ ᠨᠢ ᠲᠡᠭᠦᠯᠳᠡᠷ᠂ ᠪᠦᠲᠦᠴᠡ ᠨᠢ ᠵᠦᠶ ᠵᠣᠬᠢᠰᠲᠠᠶ᠂ ᠳᠠᠭᠠᠳᠬᠠᠭᠤᠯᠬᠤ ᠦᠶ᠎ᠡ ᠳᠤ ᠬᠡᠪ ᠤᠨ ᠶᠣᠰᠣᠭᠠᠷ ᠳᠠᠷᠢᠭᠰᠠᠨ ᠬᠦᠯᠡᠮᠵᠢ᠂ ᠬᠦᠯᠡᠮᠵᠢ ᠵᠢᠴᠢ ᠰᠠᠷᠠᠪᠴᠢ ᠶᠢᠨ ᠳᠣᠲᠣᠷᠠᠬᠢ ᠲᠠᠷᠢᠮᠠᠯ᠃    ︵2︶ ᠨᠠᠷᠢᠮᠤ ᠶᠢᠨ ᠳᠠᠭᠠᠳᠬᠠᠯ ᠤᠨ ᠵᠠᠷᠤᠳᠠᠯ ᠤᠨ ᠨᠥᠬᠦᠪᠦᠷᠢ ᠣᠯᠭᠤᠬᠤ ᠬᠡᠪᠴᠢᠶ᠎ᠡ᠄ ᠲᠤᠬᠠᠢ ᠶᠢᠨ ᠭᠠᠵᠠᠷ ᠤᠨ ᠲᠠᠷᠢᠬᠤ ᠨᠥᠬᠦᠴᠡᠯ ᠳᠤ ᠲᠣᠬᠢᠷᠠᠬᠤ ᠨᠠᠷᠢᠮᠤ ᠪᠣᠯᠣᠨ᠎ᠠ᠃    3. ᠳᠠᠭᠠᠳᠬᠠᠯ ᠤᠨ ᠲᠥᠷᠥᠯ ᠵᠦᠢᠯ ᠤᠨ ᠳᠠᠭᠠᠳᠬᠠᠯ ᠤᠨ ᠲᠤᠭ᠎ᠠ ᠵᠢᠴᠢ ᠵᠠᠷᠤᠳᠠᠯ ᠤᠨ ᠨᠣᠷᠮ᠎ᠠ   ︵1︶ ᠲᠠᠷᠢᠮᠠᠯ ᠤᠨ ᠦᠢᠯᠡᠰ ᠤᠨ ᠰᠢᠭᠤᠳ ᠪᠣᠳᠠᠰᠴᠢᠯᠠᠭᠰᠠᠨ ᠥᠪᠡᠷ ᠤᠨ ᠥᠷᠲᠡᠭ ᠤᠨ ᠳᠠᠭᠠᠳᠬᠠᠯ ᠤᠨ ᠵᠣᠭᠤᠰ ᠤᠨ ᠲᠤᠭ᠎ᠠ ᠵᠢᠴᠢ ᠵᠠᠷᠤᠳᠠᠯ ᠤᠨ ᠨᠣᠷᠮ᠎ᠠ   ︵2 ︶ ᠬᠦᠯᠡᠮᠵᠢ᠂ ᠲᠣᠮᠣ ᠫᠧᠩ ᠤᠨ ᠳᠠᠭᠠᠳᠬᠠᠯ    ︵3 ︶  ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ ᠤᠨ ᠵᠣᠭᠤᠰ ᠤᠨ ᠲᠤᠭ᠎ᠠ ᠵᠢᠴᠢ ᠵᠠᠷᠤᠳᠠᠯ ᠤᠨ ᠨᠣᠷᠮ᠎ᠠ     ︵4 ︶ ᠣᠶ ᠰᠢᠭᠤᠶ ᠶᠢᠨ ᠳᠠᠭᠠᠳᠬᠠᠯ ᠤᠨ ᠵᠣᠭᠤᠰ ᠤᠨ ᠲᠤᠭ᠎ᠠ ᠵᠢᠴᠢ ᠵᠠᠷᠤᠳᠠᠯ ᠤᠨ ᠨᠣᠷᠮ᠎ᠠ     3. ᠳᠠᠭᠠᠳᠬᠠᠯ ᠤᠨ ᠬᠤᠭᠤᠴᠠᠭ᠎ᠠ ᠬᠢᠵᠠᠭᠠᠷ    ︵1 ︶  ᠲᠠᠷᠢᠮᠠᠯ ᠤᠨ ᠦᠢᠯᠡᠰ ᠤᠨ ᠳᠠᠭᠠᠳᠬᠠᠯ᠄ ᠳᠠᠭᠠᠳᠬᠠᠯ ᠤᠨ ᠬᠠᠭᠤᠳᠠᠰᠤᠨ ᠳᠤ ᠭᠠᠷ ᠤᠨ ᠦᠰᠦᠭ ᠵᠢᠷᠤᠭᠰᠠᠨ ᠤ ᠳᠠᠷᠠᠭ᠎ᠠ ᠡᠳᠦᠷ ᠠᠴᠠ 2024 ᠣᠨ ᠤ 9 ᠰᠠᠷ᠎ᠠ ᠶᠢᠨ 30 ᠤ ᠡᠳᠦᠷ ᠪᠣᠯᠲᠠᠯ᠎ᠠ᠃   ︵2 ︶ ᠬᠦᠯᠡᠮᠵᠢ᠂ ᠲᠣᠮᠣ ᠫᠧᠩ ᠤᠨ ᠳᠠᠭᠠᠳᠬᠠᠯ᠄ ᠬᠦᠯᠡᠮᠵᠢ᠂ ᠲᠣᠮᠣ ᠫᠧᠩ ᠤᠨ ᠳᠠᠭᠠᠳᠬᠠᠯ ᠤᠨ ᠬᠤᠭᠤᠴᠠᠭ᠎ᠠ ᠨᠢ ᠨᠢᠭᠡ ᠵᠢᠯ᠃   ︵3 ︶ ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ᠄ ᠮᠡᠭᠡᠵᠢ᠂ ᠰᠠᠭᠠᠯᠢ ᠶᠢᠨ ᠦᠨᠢᠶ᠎ᠡ ᠶᠢᠨ ᠳᠠᠭᠠᠳᠬᠠᠯ ᠤᠨ ᠬᠤᠭᠤᠴᠠᠭ᠎ᠠ ᠨᠢ ᠨᠢᠭᠡ ᠵᠢᠯ᠂  ᠪᠣᠷᠳᠤᠨ ᠭᠠᠭ᠋ᠠᠶ ᠶᠢᠨ ᠳᠠᠭᠠᠳᠬᠠᠯ ᠤᠨ ᠬᠤᠭᠤᠴᠠᠭ᠎ᠠ ᠨᠢ 6 ᠰᠠᠷ᠎ᠠ ᠪᠣᠯᠤᠨ᠎ᠠ᠃     ︵  4 ︶ ᠣᠶ ᠰᠢᠭᠤᠶ ᠶᠢᠨ ᠳᠠᠭᠠᠳᠬᠠᠯ᠄ ᠳᠠᠭᠠᠳᠬᠠᠯ ᠤᠨ ᠬᠤᠭᠤᠴᠠᠭ᠎ᠠ ᠨᠢ ᠨᠢᠭᠡ ᠵᠢᠯ᠃      4. ᠳᠠᠭᠠᠳᠬᠠᠯ ᠤᠨ ᠨᠥᠬᠦᠪᠥᠷᠢ ᠶᠢᠨ ᠬᠤᠪᠢᠶᠠᠷᠢᠯᠠᠯᠲᠠ ᠶᠢᠨ ᠬᠠᠷᠢᠴᠠᠯ    ︵1︶ ᠲᠠᠷᠢᠮᠠᠯ ᠤᠨ ᠦᠢᠯᠡᠰ ᠤᠨ ᠳᠠᠭᠠᠳᠬᠠᠯ ᠤᠨ ᠵᠠᠷᠤᠳᠠᠯ  ᠤᠨ ᠨᠥᠬᠦᠪᠥᠷᠢ  ᠶᠢᠨ ᠬᠠᠷᠢᠴᠠᠯ᠃ ᠲᠥᠪ ᠤᠨ ᠡᠳ᠋ ᠤᠨ ᠵᠠᠰᠠᠭ ᠠᠴᠠ 45% ᠶᠢᠨ ᠨᠥᠬᠦᠪᠥᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠠᠴᠠ 30% ᠶᠢᠨ ᠨᠥᠬᠦᠪᠥᠷᠢ ᠥᠭᠴᠦ᠂ ᠬᠤᠲᠠ ᠶᠢᠨ  ᠱᠠᠲᠤ  ᠪᠣᠯᠤᠨ  ᠬᠤᠰᠢᠭᠤᠨ ᠱᠠᠲᠤ ᠨᠢ ᠲᠤᠰ ᠲᠤᠰ 3% ᠪᠠ 2% ᠢᠶᠠᠷ ᠨᠥᠬᠦᠪᠥᠷᠢᠯᠡᠵᠦ᠂ ᠲᠠᠷᠢᠶᠠᠴᠢᠨ ᠡᠷᠦᠬᠡ 20% ᠶᠢ ᠡᠭᠦᠷᠭᠡᠯᠡᠨ᠎ᠡ᠃      ︵2︶ ᠬᠦᠯᠡᠮᠵᠢ᠂ ᠲᠣᠮᠣ ᠫᠧᠩ ᠤᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠠᠷᠢᠴᠠᠯ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ 40% ᠶᠢᠨ ᠨᠥᠬᠦᠪᠦᠷᠢᠯᠡᠵᠦ᠂ ᠬᠤᠲᠠ᠂ ᠬᠤᠰᠢᠭᠤ ᠬᠤᠶᠠᠷ ᠱᠠᠲᠤ ᠬᠠᠮᠲᠤ ᠪᠠᠷ 40% ᠶᠢᠨ ᠨᠥᠬᠦᠪᠦᠷᠢ ᠥᠭᠴᠦ᠂ ᠬᠦᠯᠡᠮᠵᠢ᠂ ᠬᠦᠯᠡᠮᠵᠢ ᠶᠢᠨ ᠲᠠᠷᠢᠮᠠᠯ ᠤᠨ ᠡᠷᠦᠬᠡ 20% ᠶᠢ ᠡᠭᠦᠷᠭᠡᠯᠡᠨ᠎ᠡ᠃      ︵3︶ ᠰᠠᠭᠠᠯᠢ ᠶᠢᠨ ᠦᠨᠢᠶᠡᠨ ᠤ ᠳᠠᠭᠠᠳᠬᠠᠯ ᠤᠨ ᠵᠠᠷᠤᠳᠠᠯ ᠤᠨ ᠨᠥᠬᠦᠪᠥᠷᠢ  ᠶᠢᠨ ᠬᠠᠷᠢᠴᠠᠯ᠃ ᠲᠥᠪ ᠤᠨ ᠡᠳ᠋ ᠤᠨ ᠵᠠᠰᠠᠭ 50% ᠶᠢᠨ ᠨᠥᠬᠦᠪᠥᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ 25% ᠶᠢᠨ ᠨᠥᠬᠦᠪᠥᠷᠢ ᠥᠭᠴᠦ᠂ ᠬᠤᠲᠠ ᠶᠢᠨ ᠱᠠᠲᠤ᠂  ᠬᠤᠰᠢᠭᠤᠨ ᠱᠠᠲᠤᠨ ᠤ ᠡᠳ᠋ ᠤᠨ ᠵᠠᠰᠠᠭ 5% ᠶᠢᠨ ᠨᠥᠬᠦᠪᠥᠷᠢ ᠥᠭᠴᠦ᠂ ᠦᠯᠡᠳᠡᠭᠰᠡᠨ 20% ᠶᠢᠨ ᠳᠠᠭᠠᠳᠬᠠᠯ ᠤᠨ ᠵᠠᠷᠤᠳᠠᠯ ᠢ ᠲᠠᠷᠢᠶᠠᠯᠠᠬᠤ ᠮᠠᠯᠵᠢᠬᠤ ᠡᠷᠦᠬᠡ ᠪᠤᠶᠤ ᠲᠠᠷᠢᠶᠠᠯᠠᠬᠤ ᠮᠠᠯᠵᠢᠬᠤ ᠡᠷᠦᠬᠡ ᠬᠢᠭᠡᠳ ᠳᠠᠭᠠᠭᠤᠯᠤᠭᠴᠢ ᠠᠵᠤ ᠠᠬᠤᠶᠢᠯᠠᠯ ᠬᠠᠮᠲᠤᠪᠠᠷ ᠡᠭᠦᠷᠭᠡᠯᠡᠨ᠎ᠡ᠃     ︵4︶ ᠨᠠᠷᠢᠮᠤ ᠶᠢᠨ ᠳᠠᠭᠠᠳᠬᠠᠯ ᠤᠨ ᠵᠠᠷᠤᠳᠠᠯ ᠤᠨ ᠨᠥᠬᠦᠪᠦᠷᠢ ᠶᠢᠨ ᠬᠠᠷᠢᠴᠠᠯ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ 40% ᠪᠠᠷ ᠨᠥᠬᠦᠪᠥᠷᠢᠯᠡᠵᠦ᠂ ᠬᠤᠲᠠ᠂ ᠬᠤᠰᠢᠭᠤ ᠬᠤᠶᠠᠷ ᠱᠠᠲᠤ ᠬᠠᠮᠲᠤᠪᠠᠷ 40% ᠶᠢ ᠨᠥᠬᠦᠪᠥᠷᠢᠯᠡᠵᠦ᠂ ᠦᠯᠡᠳᠡᠭᠰᠡᠨ 20% ᠶᠢᠨ ᠳᠠᠭᠠᠳᠬᠠᠯ ᠤᠨ ᠰᠦᠢᠳᠬᠡᠯ ᠢ ᠲᠠᠷᠢᠶᠠᠯᠠᠬᠤ ᠮᠠᠯᠵᠢᠬᠤ ᠡᠷᠦᠬᠡ ᠪᠤᠶᠤ ᠲᠠᠷᠢᠶᠠᠯᠠᠬᠤ ᠮᠠᠯᠵᠢᠬᠤ ᠡᠷᠦᠬᠡ ᠬᠢᠭᠡᠳ ᠬᠥᠲᠥᠴᠢ ᠠᠵᠤ ᠠᠬᠤᠶᠢᠯᠠᠯ ᠬᠠᠮᠲᠤᠪᠠᠷ ᠡᠭᠦᠷᠭᠡᠯᠡᠨ᠎ᠡ᠃     ︵5︶ ᠮᠡᠭᠡᠵᠢ᠂  ᠪᠣᠷᠳᠤᠨ ᠭᠠᠭ᠋ᠠᠢ ᠶᠢᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠠᠷᠢᠴᠠᠯ᠃ ᠲᠥᠪ ᠤᠨ ᠡᠳ᠋ ᠤᠨ ᠵᠠᠰᠠᠭ 50% ᠶᠢᠨ ᠨᠥᠬᠦᠪᠥᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ 20% ᠶᠢᠨ ᠨᠥᠬᠦᠪᠥᠷᠢ ᠥᠭᠴᠦ᠂ ᠬᠤᠲᠠ ᠶᠢᠨ ᠱᠠᠲᠤ᠂ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠲᠤᠰ ᠲᠤᠰ 5% ᠶᠢᠨ ᠨᠥᠬᠦᠪᠥᠷᠢ ᠥᠭᠴᠦ᠂ ᠦᠯᠡᠳᠡᠭᠰᠡᠨ 20% ᠶᠢᠨ ᠳᠠᠭᠠᠳᠬᠠᠯ ᠤᠨ ᠵᠠᠷᠤᠳᠠᠯ ᠢ ᠲᠠᠷᠢᠶᠠᠯᠠᠬᠤ ᠮᠠᠯᠵᠢᠬᠤ ᠡᠷᠦᠬᠡ ᠡᠭᠦᠷᠭᠡᠯᠡᠬᠦ ᠪᠤᠶᠤ ᠲᠠᠷᠢᠶᠠᠯᠠᠬᠤ ᠮᠠᠯᠵᠢᠬᠤ ᠡᠷᠦᠬᠡ ᠨᠢ ᠳᠠᠭᠠᠭᠤᠯᠤᠭᠴᠢ ᠠᠵᠤ ᠠᠬᠤᠶᠢᠯᠠᠯ ᠯᠤᠭ᠎ᠠ ᠬᠠᠮᠲᠤᠪᠠᠷ ᠡᠭᠦᠷᠭᠡᠯᠡᠨ᠎ᠡ᠃     ︵6︶ ᠣᠶ ᠰᠢᠭᠤᠶ ᠶᠢᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠠᠷᠢᠴᠠᠯ᠃ ᠨᠡᠶᠢᠲᠡ ᠶᠢᠨ ᠠᠰᠠᠷᠠᠮᠵᠢ ᠶᠢᠨ ᠣᠶ ᠶᠢᠨ ᠲᠥᠪ ᠤᠨ ᠡᠳ᠋ ᠤᠨ ᠵᠠᠰᠠᠭ 50% ᠶᠢᠨ ᠨᠥᠬᠦᠪᠥᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 32% ᠤᠨ ᠨᠥᠬᠦᠪᠥᠷᠢ ᠥᠭᠴᠦ᠂ ᠬᠤᠲᠠ ᠶᠢᠨ ᠱᠠᠲᠤ᠂  ᠬᠤᠰᠢᠭᠤᠨ ᠱᠠᠲᠤᠨ ᠤ ᠡᠳ᠋ ᠤᠨ ᠵᠠᠰᠠᠭ 18% ᠶᠢᠨ ᠨᠥᠬᠦᠪᠥᠷᠢ ᠥᠭᠭᠦᠨ᠎ᠡ︔ ᠲᠠᠸᠠᠷ ᠤᠨ ᠣᠶ ᠶᠢᠨ ᠲᠥᠪ ᠤᠨ ᠡᠳ᠋ ᠤᠨ ᠵᠠᠰᠠᠭ 30% ᠶᠢᠨ ᠨᠥᠬᠦᠪᠥᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 25% ᠶᠢᠨ ᠨᠥᠬᠦᠪᠥᠷᠢ ᠥᠭᠴᠦ᠂ ᠬᠤᠲᠠ ᠶᠢᠨ ᠱᠠᠲᠤ᠂  ᠬᠤᠰᠢᠭᠤᠨ ᠱᠠᠲᠤᠨ ᠤ ᠡᠳ᠋ ᠤᠨ ᠵᠠᠰᠠᠭ 15% ᠶᠢᠨ ᠨᠥᠬᠦᠪᠥᠷᠢ ᠥᠭᠴᠦ᠂ ᠡᠵᠡᠩᠨᠡᠭᠴᠢ ᠬᠤᠪᠢ ᠬᠥᠮᠦᠨ 30% ᠶᠢ ᠡᠭᠦᠷᠭᠡᠯᠡᠨ᠎ᠡ᠃    ︵7︶ ᠦᠷ᠎ᠡ ᠪᠣᠶᠢᠵᠢᠭᠤᠯᠬᠤ ᠶᠢᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠠᠷᠢᠴᠠᠯ᠃ ᠲᠥᠪ ᠤᠨ ᠡᠳ᠋ ᠤᠨ ᠵᠠᠰᠠᠭ ᠠᠴᠠ 45% ᠶᠢᠨ ᠨᠥᠬᠦᠪᠥᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 35% ᠶᠢᠨ ᠨᠥᠬᠦᠪᠥᠷᠢ ᠥᠭᠴᠦ᠂ ᠲᠠᠷᠢᠶᠠᠴᠢᠨ ᠡᠷᠦᠬᠡ 20% ᠶᠢ ᠡᠭᠦᠷᠭᠡᠯᠡᠨ᠎ᠡ᠃    5 . ᠳᠠᠭᠠᠳᠬᠠᠯ ᠤᠨ  ᠲᠦᠯᠦᠪᠦᠷᠢ ᠶᠢᠨ ᠬᠠᠷᠢᠭᠤᠴᠠᠯᠭ᠎ᠠ   ︵1︶ ᠲᠠᠷᠢᠮᠠᠯ ᠤᠨ ᠦᠢᠯᠡᠰ ᠤᠨ ᠳᠠᠭᠠᠳᠬᠠᠯ᠃    ︵2︶ ᠰᠠᠭᠠᠯᠢ ᠶᠢᠨ ᠦᠨᠢᠶᠡᠨ ᠤ ᠳᠠᠭᠠᠳᠬᠠᠯ᠃    ︵3 ︶  ᠮᠡᠭᠡᠵᠢ ᠶᠢᠨ ᠳᠠᠭᠠᠳᠬᠠᠯ᠂ ᠪᠣᠷᠳᠤᠨ ᠭᠠᠭ᠋ᠠᠢ ᠶᠢᠨ ᠳᠠᠭᠠᠳᠬᠠᠯ᠃    ︵  4︶ ᠬᠦᠯᠡᠮᠵᠢ᠂ ᠲᠣᠮᠣ ᠫᠧᠩ ᠤᠨ ᠳᠠᠭᠠᠳᠬᠠᠯ᠃    ︵  5 ︶ ᠣᠶ ᠰᠢᠭᠤᠶ ᠶᠢᠨ ᠳᠠᠭᠠᠳᠬᠠᠯ᠃     ᠭᠤᠷᠪᠠ᠂ ᠳᠠᠭᠠᠳᠬᠠᠯ ᠬᠠᠷᠢᠭᠤᠴᠠᠬᠤ ᠱᠠᠭᠠᠷᠳᠠᠯᠭ᠎ᠠ ᠵᠢᠴᠢ ᠠᠷᠭ᠎ᠠ ᠮᠠᠶ᠋ᠢᠭ    ︵ᠨᠢᠭᠡ︶ ᠳᠠᠭᠠᠳᠬᠠᠯ ᠬᠦᠯᠢᠶᠡᠬᠦ ᠱᠠᠭᠠᠷᠳᠠᠯᠭ᠎ᠠ   1. ᠲᠠᠷᠢᠮᠠᠯ ᠤᠨ ᠦᠢᠯᠡᠰ ᠤᠨ ᠳᠠᠭᠠᠳᠬᠠᠯ᠃   2. ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ᠃    ︵ᠬᠤᠶᠠᠷ︶ ᠳᠠᠭᠠᠳᠬᠠᠭᠤᠯᠬᠤ ᠠᠷᠭ᠎ᠠ ᠮᠠᠶ᠋ᠢᠭ  1. ᠭᠠᠴᠠᠭ᠎ᠠ ᠲᠣᠰᠬᠤᠨ ᠤ ᠵᠥᠪᠯᠡᠯ᠂ ᠤᠯᠤᠰ ᠤᠨ ᠮᠠᠯ ᠲᠠᠷᠢᠶᠠᠯᠠᠩ ᠣᠢ ᠰᠢᠭᠤᠢ ᠶᠢᠨ ᠲᠠᠯᠠᠪᠠᠢ ᠳᠠᠭᠠᠳᠬᠠᠯ ᠳᠤ ᠣᠷᠣᠬᠤ ᠶᠢ ᠵᠣᠬᠢᠶᠠᠨ ᠪᠠᠶᠢᠭᠤᠯᠵᠤ᠂ ᠡᠷᠦᠬᠡ ᠳᠠᠷᠠᠭᠠᠯᠠᠨ ᠮᠠᠯᠴᠢᠨ ᠲᠠᠷᠢᠶᠠᠴᠢᠨ ᠤ ᠳᠠᠭᠠᠳᠬᠠᠯ ᠳᠤ ᠣᠷᠣᠬᠤ ᠲᠥᠷᠥᠯ ᠵᠦᠢᠯ᠂ ᠲᠤᠭ᠎ᠠ ᠬᠡᠮᠵᠢᠶ᠎ᠡ ᠶᠢ ᠬᠢᠨᠠᠨ ᠬᠠᠷᠭᠤᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠡᠭᠦᠷᠭᠡᠯᠡᠪᠡᠰᠦ ᠵᠣᠬᠢᠬᠤ ᠳᠠᠭᠠᠳᠬᠠᠯ ᠤᠨ ᠰᠦᠢᠳᠬᠡᠯ ᠢ ᠲᠤᠰᠢᠶᠠᠬᠤ ᠶᠢ ᠬᠠᠷᠢᠭᠤᠴᠠᠨ᠎ᠠ᠃    2. ᠲᠣᠰᠬᠤᠨ ᠤ ᠵᠥᠪᠯᠡᠯ ᠡᠭᠦᠯᠳᠡᠷ᠂ ᠲᠤᠭ᠎ᠠ ᠬᠡᠮᠵᠢᠶ᠎ᠡ ᠪᠠᠷ ᠳᠠᠭᠠᠳᠬᠠᠯ ᠳᠤ ᠣᠷᠣᠭᠰᠠᠨ ᠡᠷᠦᠬᠡ ᠬᠤᠪᠢᠶᠠᠭᠰᠠᠨ ᠨᠠᠷᠢᠨ ᠬᠠᠭᠤᠳᠠᠰᠤ ᠶᠢ ᠲᠠᠭᠯᠠᠵᠤ᠂ ᠡᠯ᠎ᠡ ᠵᠦᠢᠯ ᠤᠨ ᠠᠭᠤᠯᠭ᠎ᠠ ᠨᠢ ᠨᠠᠷᠢᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠬᠡᠷᠡᠭᠲᠡᠶ︔ ᠲᠡᠵᠢᠭᠡᠨ ᠦᠷᠡᠵᠢᠭᠦᠯᠬᠦ ᠦᠢᠯᠡᠰ ᠤᠨ ᠰᠠᠭᠠᠯᠢ ᠶᠢᠨ ᠦᠨᠢᠶ᠎ᠡ᠂ ᠦᠷᠡᠵᠢᠪᠦᠷᠢ ᠶᠢᠨ ᠮᠡᠭᠡᠵᠢ᠂ ᠪᠣᠷᠳᠣᠵᠤ ᠲᠠᠷᠭᠤᠯᠠᠭᠤᠯᠬᠤ ᠭᠠᠭ᠋ᠠᠶ ᠶᠢ ᠡᠷᠬᠡᠪᠰᠢ ᠳᠠᠭᠠᠳᠬᠠᠭᠤᠯᠤᠭᠰᠠᠨ ᠬᠠᠷᠠᠯᠲᠠ ᠶᠢᠨ ᠴᠢᠬᠢᠨ ᠨᠣᠮᠧᠷ ᠢ ᠳᠡᠩᠰᠡᠯᠡᠵᠦ᠂ ᠮᠠᠯᠵᠢᠬᠤ ᠲᠠᠷᠢᠶᠠᠯᠠᠬᠤ ᠡᠷᠦᠬᠡ ᠭᠠᠷ ᠤᠨ ᠦᠰᠦᠭ ᠵᠢᠷᠤᠬᠤ ᠶᠢᠨ ᠬᠠᠮᠲᠤ  ᠬᠤᠷᠤᠭᠤᠨ ᠣᠷᠤᠮ ᠳᠠᠷᠤᠬᠤ ᠬᠡᠷᠡᠭᠲᠡᠶ᠃ ᠬᠠᠮᠲᠤ ᠶᠢᠨ ᠵᠣᠬᠢᠶᠠᠨ ᠪᠠᠶᠢᠭᠤᠯᠤᠯᠲᠠ ᠠᠴᠠ ᠳᠠᠭᠠᠳᠬᠠᠭᠤᠯᠬᠤ ᠳᠤ ᠳᠠᠭᠠᠳᠬᠠᠭᠳᠠᠭᠤᠯᠤᠭᠴᠢ ᠭᠠᠷ ᠤᠨ ᠦᠰᠦᠭ ᠵᠢᠷᠤᠬᠤ ᠳᠦᠷᠢᠮ ᠢ ᠬᠡᠷᠡᠭᠵᠢᠭᠦᠯᠬᠦ ᠬᠡᠷᠡᠭᠲᠡᠶ᠃ ᠳᠠᠭᠠᠳᠬᠠᠭᠳᠠᠭᠤᠯᠤᠭᠴᠢ ᠭᠠᠳᠠᠭᠰᠢ ᠭᠠᠷᠤᠭᠰᠠᠨ ᠵᠡᠷᠭᠡ ᠰᠢᠯᠲᠠᠭᠠᠨ ᠠᠴᠠ ᠪᠣᠯᠵᠤ ᠲᠤᠰ ᠬᠥᠮᠦᠨ ᠨᠢ ᠭᠠᠷ ᠤᠨ ᠦᠰᠦᠭ ᠵᠢᠷᠤᠬᠤ ᠠᠷᠭ᠎ᠠ ᠦᠭᠡᠶ ᠪᠣᠯ᠂ ᠳᠠᠭᠠᠳᠬᠠᠭᠳᠠᠭᠤᠯᠤᠭᠴᠢ ᠶᠢᠨ ᠡᠷᠬᠡ ᠣᠯᠭᠤᠨ ᠵᠥᠪᠰᠢᠶᠡᠷᠡᠭᠦᠯᠬᠦ ᠪᠠᠷ ᠳᠠᠮᠵᠢᠨ᠂ ᠪᠤᠰᠤᠳ ᠢᠶᠠᠷ ᠣᠷᠣᠯᠠᠭᠤᠯᠤᠨ ᠭᠠᠷ ᠤᠨ ᠦᠰᠦᠭ ᠵᠢᠷᠤᠭᠤᠯᠵᠤ ᠪᠣᠯᠬᠤ ᠪᠥᠭᠡᠳ ᠬᠥᠮᠦᠨ ᠤ ᠪᠡᠶ᠎ᠡ ᠶᠢᠨ ᠮᠡᠳᠡᠭᠡ ᠵᠠᠩᠭᠢ ᠶᠢ ᠲᠣᠳᠣᠷᠬᠠᠶᠢᠯᠠᠵᠤ᠂ ᠳᠠᠭᠠᠳᠬᠠᠭᠳᠠᠭᠤᠯᠤᠭᠴᠢ ᠶᠢᠨ ᠭᠠᠷ ᠤᠨ ᠦᠰᠦᠭ ᠵᠢᠷᠤᠬᠤ ᠶᠢ ᠴᠠᠭᠠᠵᠠᠯᠠᠬᠤ ᠬᠡᠷᠡᠭᠲᠡᠶ᠃ ᠳᠠᠭᠠᠳᠬᠠᠯ ᠬᠠᠷᠢᠭᠤᠴᠠᠭᠰᠠᠨ ᠮᠡᠳᠡᠭᠡ ᠵᠠᠩᠭᠢ ᠨᠢ ᠦᠨᠡᠨ ᠪᠣᠳᠠᠲᠠᠶ ᠪᠤᠰᠤ ᠪᠤᠶᠤ ᠪᠦᠷᠢᠨ ᠪᠤᠰᠤ ᠲᠠᠷᠢᠶᠠᠯᠠᠬᠤ ᠮᠠᠯᠵᠢᠬᠤ ᠡᠷᠦᠬᠡ ᠶᠢ ᠳᠠᠭᠠᠳᠬᠠᠯ ᠤᠨ ᠺᠣᠮᠫᠠᠨᠢ ᠨᠢ ᠳᠠᠭᠠᠳᠬᠠᠬᠤ ᠦᠭᠡᠶ᠃    3. ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠨᠢ ᠲᠤᠰ ᠬᠠᠷᠢᠶ᠎ᠠ ᠣᠷᠣᠨ ᠤ ᠪᠠᠨ ᠳᠠᠭᠠᠳᠬᠠᠭᠤᠯᠤᠭᠰᠠᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠶᠢ ᠬᠠᠷᠢᠭᠤᠴᠠᠵᠤ᠂ ᠡᠷᠦᠬᠡ ᠬᠤᠪᠢᠶᠠᠭᠰᠠᠨ ᠳᠠᠭᠠᠳᠬᠠᠭᠳᠠᠬᠤᠨ  ᠤ ᠳᠠᠭᠠᠳᠬᠠᠯ ᠤᠨ ᠲᠣᠳᠣᠷᠬᠠᠶ ᠬᠠᠭᠤᠳᠠᠰᠤ ᠶᠢ ᠡᠯᠧᠺᠲᠷᠣᠨ ᠪᠢᠴᠢᠭ ᠮᠠᠲ᠋ᠧᠷᠢᠶᠠᠯ ᠢᠶᠠᠷ ᠰᠢᠩᠭᠡᠭᠡᠨ ᠦᠢᠯᠡᠳᠴᠦ᠂ ᠡᠯᠧᠺᠲᠷᠣᠨ ᠬᠦᠰᠦᠨᠦᠭᠲᠦ ᠬᠢᠭᠡᠳ ︽ᠡᠷᠦᠬᠡ ᠬᠤᠪᠢᠶᠠᠭᠰᠠᠨ ᠳᠠᠭᠠᠳᠬᠠᠭᠳᠠᠬᠤᠨ  ᠤ ᠳᠠᠭᠠᠳᠬᠠᠭᠤᠯᠤᠭᠰᠠᠨ ᠨᠠᠷᠢᠨ ᠳᠠᠩᠰᠠ︾ ᠳᠠᠬᠢ ᠳᠠᠭᠠᠳᠬᠠᠭᠳᠠᠭᠤᠯᠤᠭᠴᠢ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ︽ᠪᠦᠬᠦᠨ ᠳᠤ ᠳᠣᠭᠢᠷᠠᠬᠤ ᠺᠠᠷᠲ︾ ᠤᠨ ᠲᠠᠩᠰᠠᠨ ᠨᠣᠮᠧᠷ᠂ ᠳᠠᠭᠠᠳᠬᠠᠯ ᠤᠨ ᠬᠠᠷᠠᠯᠲᠠ ᠶᠢᠨ ᠲᠤᠭ᠎ᠠ ᠵᠡᠷᠭᠡ ᠮᠡᠳᠡᠭᠡ ᠵᠠᠩᠭᠢ ᠶᠢᠨ ᠪᠦᠷᠢᠨ ᠪᠦᠲᠦᠨ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠲᠣᠭᠲᠠᠭᠰᠠᠨ ᠭᠠᠵᠠᠷ᠂ ᠠᠷᠭ᠎ᠠ ᠮᠠᠶ᠋ᠢᠭ ᠪᠠ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠳᠠᠭᠠᠳᠬᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠬᠦ ᠬᠡᠷᠡᠭᠲᠡᠶ᠃    4. ᠢᠯᠡ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠢᠨ ᠦᠨᠡᠨ ᠪᠣᠳᠠᠲᠠᠶ ᠪᠦᠷᠢᠨ ᠪᠦᠲᠦᠨ ︽ᠡᠷᠦᠬᠡ ᠬᠤᠪᠢᠶᠠᠭᠰᠠᠨ ᠳᠠᠭᠠᠳᠬᠠᠭᠳᠠᠬᠤᠨ ᠤ ᠳᠠᠭᠠᠳᠬᠠᠯ ᠤᠨ ᠨᠠᠷᠢᠨ ᠲᠠᠩᠰᠠ︾ ᠶᠢ ᠲᠠᠭᠯᠠᠵᠤ᠂ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠬᠤᠷᠢᠶᠠᠩᠭᠤᠶᠢᠯᠠᠨ ᠮᠡᠳᠡᠭᠦᠯᠵᠦ᠂ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠴᠠᠭ ᠲᠤᠬᠠᠶ ᠳᠤᠨᠢ ᠠᠵᠢᠯᠲᠠᠨ ᠢᠶᠠᠨ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠥᠯᠢᠭᠡᠷ ᠡᠳ᠋ ᠠᠪᠤᠭᠰᠠᠨ ᠤ ᠳᠠᠷᠠᠭ᠎ᠠ᠂ ᠭᠠᠷᠲᠠᠨ ᠭᠦᠢᠴᠡᠳᠭᠡᠬᠦ ᠬᠡᠪᠴᠢᠶᠡᠨ ᠳᠣᠲᠣᠷᠠᠬᠢ ᠳᠠᠭᠠᠳᠬᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠬᠤᠷᠢᠶᠠᠩᠭᠤᠶᠢᠯᠠᠨ ᠮᠡᠳᠡᠭᠦᠯᠬᠦ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠳᠠᠭᠠᠳᠬᠠᠭᠤᠯᠤᠭᠰᠠᠨ ᠪᠠᠶᠢᠳᠠᠯ ᠢ ᠦᠨᠳᠦᠰᠦᠯᠡᠨ᠂ ᠳᠠᠭᠠᠳᠬᠠᠭᠤᠯᠤᠭᠰᠠᠨ ᠬᠠᠷᠠᠯᠲᠠ ᠶᠢ ᠪᠣᠳᠠᠲᠠᠶ ᠭᠠᠵᠠᠷ ᠲᠤᠨᠢ ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠠᠯᠳᠠᠭ᠎ᠠ ᠦᠭᠡᠶ ᠪᠣᠯ ᠳᠠᠭᠠᠳᠬᠠᠯ ᠤᠨ ᠺᠣᠮᠫᠠᠨᠢ ᠠᠴᠠ ᠳᠠᠭᠠᠳᠬᠠᠯ ᠤᠨ ᠬᠠᠭᠤᠳᠠᠰᠤ ᠬᠢᠵᠦ ᠥᠭᠬᠦ ᠬᠡᠷᠡᠭᠲᠡᠶ᠃    5. ᠭᠠᠴᠠᠭ᠎ᠠ ᠲᠣᠰᠬᠤᠨ ᠤ ᠵᠥᠪᠯᠡᠯ᠂ ᠤᠯᠤᠰ ᠤᠨ ᠮᠠᠯ ᠲᠠᠷᠢᠶᠠᠯᠠᠩ ᠣᠢ ᠰᠢᠭᠤᠢ ᠶᠢᠨ ᠲᠠᠯᠠᠪᠠᠢ ᠪᠠᠷ ᠳᠠᠭᠠᠳᠬᠠᠯ ᠳᠤ ᠣᠷᠣᠯᠴᠠᠬᠤ ᠨᠢᠭᠡᠴᠢ ᠪᠣᠯᠭᠠᠭᠰᠠᠨ ᠳᠠᠭᠠᠳᠬᠠᠯ ᠳᠤ ᠣᠷᠣᠯᠴᠠᠬᠤ ᠲᠤᠬᠠᠶᠢᠯᠠᠭᠰᠠᠨ ᠠᠵᠢᠯ ᠢ ᠬᠡᠷᠡᠭᠵᠢᠭᠦᠯᠦᠨ᠎ᠡ᠃ ᠳᠠᠭᠠᠳᠬᠠᠯ ᠤᠨ ᠺᠣᠮᠫᠠᠨᠢ ᠳᠠᠭᠠᠳᠬᠠᠯ ᠤᠨ ᠬᠠᠭᠤᠳᠠᠰᠤ᠂ ᠡᠷᠦᠬᠡ ᠬᠤᠪᠢᠶᠠᠨ ᠳᠠᠭᠠᠳᠬᠠᠭᠳᠠᠬᠤᠨ ᠤ ᠳᠠᠭᠠᠳᠬᠠᠯ ᠤᠨ ᠨᠠᠷᠢᠨ ᠬᠠᠭᠤᠳᠠᠰᠤ᠂ ᠳᠠᠭᠠᠳᠬᠠᠯ ᠤᠨ ᠭᠡᠷᠡᠴᠢ ᠪᠠᠷᠢᠮᠲᠠ ᠶᠢ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠯᠤᠰ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠭᠡᠷᠡᠴᠢ ᠪᠠᠷᠢᠮᠲᠠ ᠶᠢ ᠳᠠᠭᠠᠳᠬᠠᠯ ᠳᠤ ᠣᠷᠣᠯᠴᠠᠭᠰᠠᠨ ᠲᠠᠷᠢᠶᠠᠯᠠᠬᠤ ᠮᠠᠯᠵᠢᠬᠤ ᠡᠷᠦᠬᠡ ᠳᠤ ᠣᠯᠭᠤᠬᠤ ᠬᠡᠷᠡᠭᠲᠡᠶ᠃      ︵ᠭᠤᠷᠪᠠ︶ ᠣᠶ ᠰᠢᠭᠤᠶ ᠶᠢᠨ ᠳᠠᠭᠠᠳᠬᠠᠯ    ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠠᠭᠠᠳᠬᠠᠯ ᠳᠤ ᠣᠷᠣᠭᠰᠠᠳ ᠤᠨ ᠬᠤᠪᠢ ᠪᠠᠷ ᠨᠢᠭᠡᠳᠦᠯᠲᠡᠶ ᠳᠠᠭᠠᠳᠬᠠᠭᠤᠯᠵᠤ᠂ ᠳᠠᠭᠠᠳᠬᠠᠭᠤᠯᠬᠤ ᠪᠠᠯᠠ ᠮᠥᠩᠭᠦ ᠶᠢ ᠨᠢᠭᠡᠳᠦᠯᠲᠡᠶ ᠬᠠᠮᠢᠶᠠᠷᠴᠤ᠂ ᠨᠢᠭᠡᠳᠦᠯᠲᠡᠶ ᠪᠠᠷᠢᠮᠵᠢᠶ᠎ᠠ ᠪᠠᠷ ᠰᠡᠷᠭᠦᠭᠡᠨ ᠳᠠᠬᠢᠨ ᠪᠠᠶᠢᠭᠤᠯᠵᠤ᠂ ᠭᠠᠮᠰᠢᠭ ᠤᠨ ᠳᠠᠷᠠᠭᠠᠬᠢ ᠵᠠᠰᠠᠯᠲᠠ ᠵᠢᠴᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠡᠷᠡᠭᠵᠢᠭᠦᠯᠬᠦ ᠲᠥᠰᠦᠯ ᠢ ᠴᠠᠭ ᠲᠤᠬᠠᠶ ᠳᠤᠨᠢ ᠨᠠᠶᠢᠷᠠᠭᠤᠯᠤᠨ ᠵᠣᠬᠢᠶᠠᠵᠤ᠂ ᠭᠠᠮᠰᠢᠭ ᠤᠨ ᠳᠠᠷᠠᠭᠠᠬᠢ ᠤᠤᠯ ᠭᠠᠵᠠᠷ ᠢ ᠵᠠᠰᠠᠬᠤ ᠵᠢᠴᠢ ᠤᠤᠯ ᠭᠠᠵᠠᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠬᠠᠮᠢᠶᠠᠷᠤᠯᠲᠠ ᠶᠢ ᠴᠢᠩᠳᠠᠯᠠᠵᠤ᠂ ᠤᠤᠯ ᠤᠨ ᠭᠠᠮᠰᠢᠭ ᠡᠭᠦᠰᠦᠭᠰᠡᠨ ᠭᠠᠵᠠᠷ ᠲᠤ ᠭᠠᠮᠰᠢᠭ ᠤᠨ ᠳᠠᠷᠠᠭᠠᠬᠢ ᠵᠠᠰᠠᠯᠲᠠ ᠵᠢᠴᠢ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢᠨ ᠠᠷᠭ᠎ᠠ ᠥᠬᠡᠶ ᠪᠠᠶᠢᠪᠠᠯ᠂ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ᠂ ᠵᠥᠪᠰᠢᠶᠡᠷᠡᠭᠦᠯᠦᠭᠰᠡᠨ ᠤ ᠳᠠᠷᠠᠭ᠎ᠠ ᠣᠨᠳᠣᠤ ᠭᠠᠵᠠᠷ ᠲᠤ ᠣᠶᠢᠵᠢᠭᠤᠯᠬᠤ ᠶᠢ ᠬᠡᠷᠡᠭᠵᠢᠭᠦᠯᠦᠨ᠎ᠡ ᠃ ᠤᠤᠯ ᠤᠨ ᠮᠣᠳᠣᠨ ᠤ ᠲᠥᠷᠥᠯ ᠨᠢ ᠲᠤᠷᠤᠭ ᠮᠣᠳᠣ ᠪᠣᠯ ᠡᠷᠬᠡᠪᠰᠢ ᠲᠤᠷᠤᠭ ᠮᠣᠳᠣᠨ ᠤ ᠣᠶᠢᠲᠤ ᠭᠠᠵᠠᠷ ᠪᠣᠯᠭᠠᠨ ᠰᠡᠷᠭᠦᠭᠡᠬᠦ ᠬᠡᠷᠡᠭᠲᠡᠢ᠂ ᠤᠤᠯ ᠤᠨ ᠮᠣᠳᠣᠨ ᠤ ᠲᠥᠷᠥᠯ ᠨᠢ ᠪᠣᠳᠠ ᠮᠣᠳᠣ ᠪᠠᠶᠢᠭᠰᠠᠨ ᠪᠣᠯ᠂ ᠪᠤᠲᠠᠯᠢᠭ ᠮᠣᠳᠣ  ᠪᠣᠶᠤ ᠲᠤᠷᠤᠭ ᠮᠣᠳᠤ ᠬᠤᠯᠢᠯᠳᠤᠭᠰᠠᠨ ᠣᠶᠢᠲᠤ ᠭᠠᠵᠠᠷ ᠢ ᠰᠡᠷᠭᠦᠭᠡᠵᠦ ᠪᠣᠯᠣᠨ᠎ᠠ᠃    ᠳᠥᠷᠪᠡ᠂ ᠲᠠᠷᠢᠶᠠᠯᠠᠩ ᠣᠶ ᠰᠢᠭᠤᠶ ᠶᠢᠨ ᠳᠠᠭᠠᠳᠬᠠᠯ ᠤᠨ ᠲᠥᠯᠥᠪᠦᠷᠢ    ︵ᠨᠢᠭᠡ ︶  ᠲᠦᠯᠦᠪᠦᠷᠢ ᠶᠢᠨ ᠵᠠᠷᠴᠢᠮ᠃    ︵ᠬᠤᠶᠠᠷ︶  ᠭᠠᠮᠰᠢᠭ ᠤᠨ ᠪᠠᠶᠢᠳᠠᠯ ᠢ ᠮᠡᠳᠡᠭᠦᠯᠬᠦ᠃     ︵ᠭᠤᠷᠪᠠ︶ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ  ᠲᠤᠭᠲᠠᠭᠠᠬᠤ᠃     ︵ᠲᠦᠷᠪᠡ︶ ᠲᠥᠯᠥᠪᠦᠷᠢ ᠶᠢᠨ ᠮᠠᠲ᠋ᠧᠷᠢᠶᠠᠯ ᠃     ︵ᠲᠠᠪᠤ︶ ᠲᠥᠯᠥᠪᠦᠷᠢ ᠶᠢ ᠢᠯᠡ ᠨᠡᠶᠢᠲᠡᠯᠡᠬᠦ ᠵᠢᠴᠢ ᠲᠥᠯᠥᠪᠦᠷᠢ ᠶᠢᠨ ᠮᠥᠩᠭᠦ ᠣᠯᠭᠤᠬᠤ ᠬᠡᠷᠡᠭᠲᠡᠢ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号