ᠶᠢᠨ ᠴᠠᠩ ᠭᠸᠦ ᠯᠢᠶᠠᠩ ᠪᠠᠯᠭᠠᠰᠤ᠄ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ ᠦᠨᠳᠦᠰᠦᠲᠡᠨ ᠨᠦᠭᠦᠳ ᠤᠨ ᠣᠯᠠᠨ ᠲᠦᠮᠡᠨ ᠢ ︽  ᠰᠠᠨᠠᠭ᠎ᠠ ᠠᠮᠤᠷ ᠬᠡᠷ ᠪᠠᠶᠢᠰᠢᠩ︾ ᠳᠤ  ᠰᠠᠭᠤᠯᠭᠠᠨ᠎ᠠ
ᠨᠡᠶᠢᠲᠡᠯᠡᠭᠰᠡᠨ ᠴᠠᠭ᠄
2024/7/23
    ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠥᠳᠡᠯᠦᠩᠭᠦᠶ ᠬᠢᠨᠠᠨ ᠬᠡᠮᠵᠢᠯᠲᠡ ᠶᠢ ᠪᠠᠶᠢᠭᠤᠯᠤᠨ᠎ᠠ᠃ ᠥᠭᠡᠷᠡᠴᠢᠯᠡᠨ ᠰᠢᠨᠡᠳᠬᠡᠬᠦ ᠠᠵᠢᠯ ᠢ ᠰᠠᠶᠢᠲᠤᠷ ᠬᠢᠵᠦ᠂ ᠥᠭᠡᠷᠡᠴᠢᠯᠡᠨ ᠰᠢᠨᠡᠳᠬᠡᠬᠦ ᠨᠥᠬᠦᠴᠡᠯ ᠳᠤ ᠨᠡᠶᠢᠴᠡᠬᠦ ᠡᠲᠡᠭᠡᠳ ᠲᠤ ᠥᠭᠡᠷᠡᠴᠢᠯᠡᠨ ᠰᠢᠨᠡᠳᠬᠡᠬᠦ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠭᠤᠯᠵᠤ᠂ ᠥᠭᠡᠷᠡᠴᠢᠯᠡᠨ ᠰᠢᠨᠡᠳᠬᠡᠬᠦ ᠶᠢ ᠴᠠᠭ ᠲᠤᠬᠠᠶ ᠳᠤᠨᠢ᠂ ᠴᠢᠨᠠᠷ ᠢ ᠪᠠᠲᠤᠯᠠᠨ ᠪᠡᠶᠡᠯᠡᠭᠦᠯᠬᠦ ᠶᠢᠨ ᠲᠤᠰᠠᠳᠠ᠂ ᠶᠢᠨ ᠴᠠᠩ ᠭᠧᠤ ᠯᠢᠶᠠᠩ ᠪᠠᠯᠭᠠᠰᠤ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠪᠥᠬᠦ ᠪᠠᠯᠭᠠᠰᠤᠨ ᠤ ︽ᠵᠢᠷᠭᠤᠭᠠᠨ ᠲᠥᠷᠥᠯ ᠤᠨ ᠡᠷᠦᠬᠡ︾ ᠶᠢᠨ ᠣᠷᠣᠨ ᠰᠠᠭᠤᠴᠠ ᠶᠢ ᠭᠦᠨᠵᠡᠭᠡᠶ ᠪᠠᠶᠢᠴᠠᠭᠠᠨ ᠵᠢᠭᠰᠠᠭᠠᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷ ᠪᠠᠶᠢᠰᠢᠩ ᠢ ᠬᠥᠳᠡᠯᠦᠩᠭᠦᠶ ᠪᠠᠷ ᠬᠢᠨᠠᠨ ᠬᠡᠮᠵᠢᠵᠦ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠢ ᠨᠠᠷᠢᠯᠢᠭ ᠣᠨᠤᠪᠴᠢᠲᠠᠢ ᠪᠠᠷ ᠢᠯᠭᠠᠨ ᠲᠠᠨᠢᠵᠤ᠂ ᠣᠨᠣᠪᠴᠢᠲᠠᠶ ᠮᠠᠭᠠᠳᠯᠠᠨ ᠲᠣᠭᠲᠠᠭᠠᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠂ ᠬᠡᠷ ᠪᠠᠶᠢᠰᠢᠩ ᠤᠨ ᠬᠢᠨᠠᠨ ᠲᠣᠭᠲᠠᠭᠠᠯᠲᠠ ᠶᠢᠨ ᠪᠠᠶᠢᠳᠠᠯ ᠢ ᠦᠨᠳᠦᠰᠦᠯᠡᠨ᠂ C ᠲᠠᠰ ᠪᠠ D ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠲᠣᠰ ᠲᠣᠰ ᠬᠡᠷᠡᠭᠵᠢᠭᠦᠯᠵᠦ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨᠬᠦ ᠪᠠᠲᠤᠯᠠᠵᠤ᠂ ᠠᠶᠤᠯᠲᠠᠶ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ  ᠪᠠᠲᠤᠯᠠᠨ᠎ᠠ᠃    ᠬᠢᠨᠠᠨ ᠵᠥᠪᠰᠢᠶᠡᠷᠡᠬᠦ ᠴᠤᠪᠤᠷᠠᠯ ᠢ ᠴᠢᠩᠭ᠎ᠠ ᠰᠠᠬᠢᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠨᠥᠬᠦᠴᠡᠯ ᠳᠤ ᠨᠡᠶᠢᠴᠡᠬᠦ ᠬᠡᠷ ᠪᠦᠯᠢ ᠶᠢᠨ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠲᠣᠰᠬᠤᠨ ᠤ ᠱᠠᠲᠤᠨ ᠤ ᠦᠨᠡᠯᠡᠯᠲᠡ᠂ ᠪᠠᠯᠭᠠᠰᠤᠨ ᠤ ᠱᠠᠲᠤᠨ ᠤ ᠠᠩᠬ᠎ᠠ ᠠᠯᠬᠤᠮ ᠰᠤᠳᠤᠯᠤᠨ ᠮᠠᠭᠠᠳᠯᠠᠬᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠢᠨᠠᠨ ᠵᠥᠪᠰᠢᠶᠡᠷᠡᠬᠦ ᠶᠠᠪᠤᠴᠠ ᠶᠢᠨ ᠶᠣᠰᠣᠭᠠᠷ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠢ ᠲᠣᠭᠲᠠᠭᠠᠬᠤ ᠶᠢᠨ ᠬᠠᠮᠲᠤ ᠥᠭᠡᠷᠡᠴᠢᠯᠡᠨ ᠰᠢᠨᠡᠳᠬᠡᠬᠦ ᠨᠡᠷᠡᠰ ᠵᠢᠴᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠨ᠎ᠡ᠃ ᠡᠭᠦᠨ ᠤ ᠬᠠᠮᠲᠤ ᠲᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠤᠨ ᠬᠠᠮᠢᠶᠠᠷᠤᠯᠲᠠ ᠶᠢᠨ ᠲᠦᠷᠢᠮ ᠢ ᠪᠡᠶᠡᠯᠡᠭᠦᠯᠵᠦ᠂ ᠨᠢᠭᠡ ᠡᠷᠦᠬᠡ ᠳᠤ ᠨᠢᠭᠡ ᠲᠠᠩᠰᠠ ᠡᠪᠬᠡᠮᠡᠯ ᠪᠠᠶᠢᠭᠤᠯᠬᠤ ᠶᠢ ᠵᠥᠪᠰᠢᠶᠡᠷᠡᠨ᠎ᠡ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠭᠰᠡᠨ ᠡᠷᠦᠬᠡ ᠶᠢᠨ ᠴᠠᠭᠠᠰᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠨᠤᠷᠠᠬᠤ ᠠᠶᠤᠯᠲᠠᠶ ᠡᠷᠦᠬᠡ ᠶᠢᠨ ᠴᠠᠭᠠᠰᠤᠨ ᠳᠠᠩᠰᠠ ᠡᠪᠬᠡᠮᠡᠯ ᠤᠨ ᠬᠦᠰᠦᠨᠦᠭᠲᠦ ᠶᠢ ᠮᠡᠳᠡᠭᠡ ᠵᠠᠩᠭᠢᠵᠢᠭᠤᠯᠤᠨ ᠣᠷᠣᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠳᠠᠩᠰᠠ ᠡᠪᠬᠡᠮᠡᠯ ᠢ ᠴᠠᠭ ᠲᠤᠬᠠᠶ ᠳᠤᠨᠢ᠂ ᠪᠦᠬᠦ ᠲᠠᠯ᠎ᠠ ᠶᠢᠨ᠂ ᠦᠨᠡᠨ ᠪᠣᠳᠠᠲᠠᠶ᠂ ᠪᠦᠷᠢᠨ ᠪᠦᠲᠦᠨ᠂ ᠣᠨᠣᠪᠴᠢᠲᠠᠶ ᠪᠢᠴᠢᠵᠦ  ᠣᠷᠤᠭᠤᠯᠤᠨ᠎ᠠ᠃    ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠵᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠨ᠎ᠠ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠠᠪᠤᠴᠠ ᠳᠤ᠂ ᠪᠠᠷᠢᠯᠭ᠎ᠠ ᠪᠠᠷᠢᠬᠤ ᠲᠤᠬᠠᠶ ᠶᠢᠨ ᠭᠠᠵᠠᠷ ᠤᠨ ᠠᠮᠤᠷ ᠲᠦᠪᠰᠢᠨ᠂ ᠭᠠᠯ ᠤᠨᠲᠠᠷᠠᠭᠠᠬᠤ ᠵᠡᠷᠭᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠬᠢᠴᠠ ᠶᠢ ᠡᠵᠡᠮᠰᠢᠨ᠂ ᠪᠠᠷᠢᠯᠭ᠎ᠠ ᠪᠠᠷᠢᠬᠤ ᠶᠠᠪᠤᠴᠠ ᠳᠤ ᠴᠢᠩᠭ᠎ᠠ ᠬᠢᠨᠠᠯᠲᠠ ᠲᠠᠯᠪᠢᠵᠤ᠂ ᠪᠠᠷᠢᠯᠭ᠎ᠠ ᠶᠢᠨ ᠠᠮᠤᠷ ᠲᠦᠪᠰᠢᠨ᠂ ᠲᠣᠭᠲᠠᠭᠰᠠᠨ ᠴᠠᠭ ᠲᠤ᠂ ᠶᠠᠰᠤ ᠴᠢᠨᠠᠷ ᠢ ᠪᠠᠲᠤᠯᠠᠬᠤ ᠶᠢ ᠦᠨᠡᠨᠬᠦ  ᠪᠠᠲᠤᠯᠠᠨ᠎ᠠ᠃ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠰᠢᠶᠠᠩ ᠪᠠᠯᠭᠠᠰᠤ ᠠᠴᠠ ᠬᠤᠯᠪᠣᠭᠳᠠᠯ ᠪᠥᠬᠦᠶ ᠬᠥᠮᠦᠰ ᠢ ᠵᠣᠬᠢᠶᠠᠨ ᠪᠠᠶᠢᠭᠤᠯᠤᠨ ᠠᠩᠬ᠎ᠠ ᠠᠯᠬᠤᠮ ᠰᠢᠯᠭᠠᠨ ᠠᠪᠴᠤ᠂ ᠠᠩᠬ᠎ᠠ ᠠᠯᠬᠤᠮ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠰᠢᠯᠭᠠᠨ ᠠᠪᠬᠤ ᠶᠢ ᠭᠤᠶᠤᠴᠢᠯᠠᠵᠤ᠂ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠬᠡᠷ ᠪᠠᠶᠢᠰᠢᠩ ᠤᠨ ᠬᠡᠪ ᠤᠨ ᠬᠡᠷᠡᠭᠯᠡᠯᠲᠡ ᠶᠢ ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ᠲᠠᠷᠠᠭᠠᠴᠢ ᠶᠢᠨ ᠠᠯᠬᠤᠮ ᠳᠤ᠂ ᠶᠢᠨ ᠴᠠᠩ ᠭᠸᠦ ᠯᠢᠶᠠᠩ ᠪᠠᠯᠭᠠᠰᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠦᠷᠭᠦᠯᠵᠢᠯᠡᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠣᠯᠠᠨ ᠳᠤ ᠠᠰᠢᠭ ᠬᠦᠷᠲᠡᠭᠡᠬᠦ‍ ᠨᠢᠭᠡ ᠵᠦᠢᠯ ᠤᠨ ᠭᠤᠤᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠥᠭᠡᠷᠡᠴᠢᠯᠡᠬᠦ ᠶᠣᠰᠣᠲᠠᠶ ᠶᠢ ᠨᠢ ᠴᠥᠮ ᠥᠭᠡᠷᠡᠴᠢᠯᠡᠬᠦ︾ ᠵᠠᠷᠴᠢᠮ ᠶᠣᠰᠣᠭᠠᠷ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠬᠢᠭᠤᠯᠵᠤ᠂ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ᠂ ᠠᠮᠤᠷ ᠲᠦᠪᠰᠢᠨ ︽ᠰᠠᠨᠠᠭ᠎ᠠ ᠠᠮᠤᠷ ᠬᠡᠷ ᠪᠠᠶᠢᠰᠢᠩ︾ ᠲᠠᠢ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号