| 7 ᠰᠠᠷ᠎ᠠ ᠶᠢᠨ 22 ᠤᠨ ᠡᠳᠦᠷ᠂ ᠠᠤᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ 2024 | ᠣᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠦᠬᠡᠷ ᠬᠤᠨᠢᠨ ᠮᠢᠬ᠎ᠠ ᠶᠢ ᠨᠠᠷᠢᠯᠢᠭ | ᠡᠳ᠋ᠰᠢᠭᠦᠯᠬᠦ ᠦᠢᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ᠂ ᠲᠣᠰ ᠲᠥᠷᠥᠯ ᠵᠦᠢᠯ ᠤᠨ ᠡᠵᠡᠯᠡᠬᠦ ᠭᠠᠵᠠᠷ ᠨᠢ 53.8 ᠮᠥ ᠪᠠᠶᠢᠵᠤ᠂ ᠶᠡᠷᠦᠩᠬᠡᠶ ᠪᠠᠯᠠ | ᠣᠷᠣᠭᠤᠯᠤᠯᠲᠠ ᠨᠢ 2.7 ᠳ᠋ᠦᠩᠰᠢᠭᠤᠷ ᠲᠥᠭᠦᠷᠢᠭ ᠲᠤ ᠬᠦᠷᠴᠦ᠂ ᠦᠢᠯᠡᠳᠪᠦᠷᠢᠯᠡᠯ ᠤᠨ ᠴᠢᠳᠠᠪᠤᠷᠢ ᠨᠢ ᠵᠢᠯ ᠳᠤ | 2 ᠲᠦᠮᠡᠨ ᠲᠣᠨ ᠯᠠᠯᠤ ᠶᠢᠨ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠦᠢᠯᠡᠳᠬᠦᠨ ᠢᠶᠠᠷ ᠲᠥᠯᠥᠪᠯᠡᠵᠦ ᠪᠣᠶ ᠃ | ᠲᠥᠷᠥᠯ ᠵᠦᠢᠯ ᠤᠨ ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠨᠢ 30798 ᠲᠡᠭᠰᠢ ᠳᠥᠷᠪᠡᠯᠵᠢᠨ | ᠮᠧᠲᠷ᠂ ᠡᠭᠦᠨ ᠳᠤ ᠦᠢᠯᠡᠳᠬᠦᠨ ᠤ ᠰᠤᠳᠤᠯᠤᠨ ᠨᠡᠭᠡᠭᠡᠬᠦ ᠮᠡᠷᠭᠡᠵᠢᠯ ᠤᠨ ᠲᠥᠪ ᠨᠢ ᠪᠠᠷᠤᠭ 5484 ᠲᠡᠭᠰᠢ | ᠳᠥᠷᠪᠡᠯᠵᠢᠨ ᠮᠧᠲᠷ᠂ ᠥᠨᠳᠥᠷ ᠪᠠᠷᠢᠮᠵᠢᠶᠠᠲᠤ ᠢᠳᠡᠭᠡᠨ ᠪᠣᠯᠪᠠᠰᠤᠷᠠᠭᠤᠯᠬᠤ ᠠᠦ᠋ᠲ᠋ᠣᠴᠢᠯᠠᠭᠰᠠᠨ ᠦᠢᠯᠡᠳᠪᠦᠷᠢ ᠶᠢᠨ | ᠬᠡᠷ ᠪᠠᠶᠢᠰᠢᠩ ᠨᠢ ᠪᠠᠷᠤᠭ 25211 ᠲᠡᠭᠰᠢ ᠳᠥᠷᠪᠡᠯᠵᠢᠨ ᠮᠧᠲᠷ ᠪᠠᠶᠢᠵᠤ᠂ ᠠᠦ᠋ᠲ᠋ᠣᠴᠢᠯᠠᠭᠰᠠᠨ ᠪᠣᠰᠤᠭ᠎ᠠ | ᠴᠣᠭᠴᠠᠲᠤ ᠬᠥᠮᠥᠷᠭᠡ᠂ ᠮᠠᠰᠢᠨ ᠬᠥᠮᠦᠨ ᠠᠳᠬᠤᠨ ᠠᠪᠬᠤ ᠰᠢᠰᠲ᠋ᠧᠮ᠂ ᠪᠦᠷᠢᠨ ᠠᠦ᠋ᠲ᠋ᠣ᠋ ᠬᠥᠯᠳᠡᠭᠡᠬᠦ ᠱᠤᠭᠤᠮ᠂ | ᠪᠦᠬᠦᠯᠢ ᠱᠤᠭᠤᠮ ᠤᠨ ᠡᠵᠡᠮᠳᠡᠯ ᠤᠨ ᠰᠢᠰᠲ᠋ᠧᠮ ᠵᠡᠷᠭᠡ ᠲᠥᠬᠦᠭᠡᠷᠦᠮᠵᠢ ᠶᠢ ᠬᠤᠳᠠᠯᠳᠤᠨ ᠠᠪᠴᠤ ᠤᠭᠰᠠᠷᠠᠨ᠎ᠠ᠃ | 2024 ᠣᠨ ᠳᠤ ᠭᠤᠣᠯ ᠴᠣᠭᠴᠠ ᠶᠢᠨ ᠪᠠᠷᠢᠯᠭ᠎ᠠ ᠶᠢ ᠪᠡᠶᠡᠯᠡᠭᠦᠯᠬᠦ ᠪᠠᠷ ᠵᠢᠱᠢᠵᠦ᠂ 2025 ᠣᠨ ᠳᠤ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠡᠶᠡᠯᠡᠭᠦᠯᠦᠨ᠎ᠡ᠃ ᠲᠥᠷᠥᠯ ᠵᠦᠢᠯ ᠠᠰᠢᠭᠯᠠᠯᠲᠠ ᠳᠤ | ᠤᠷᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠳᠤ ᠦᠢᠯᠡᠳᠬᠦᠨ ᠤ ᠥᠷᠲᠡᠭ 26.5 ᠳ᠋ᠦᠩᠰᠢᠭᠤᠷ ᠲᠥᠭᠦᠷᠢᠭ᠂ | ᠭᠠᠶᠢᠯᠢ ᠲᠠᠲᠠᠪᠤᠷᠢ 2000 ᠲᠦᠮᠡᠨ ᠲᠥᠭᠦᠷᠢᠭ ᠢ ᠪᠡᠶᠡᠯᠡᠭᠦᠯᠵᠦ᠂ 200 ᠬᠥᠮᠦᠨ ᠳᠤ ᠠᠵᠢᠯ ᠣᠯᠭᠤᠵᠤ᠂ 500 | ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ 500 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠬᠦ ᠪᠣᠯᠤᠨ᠎ᠠ᠃ | ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠦᠬᠡᠷ ᠬᠤᠨᠢᠨ ᠮᠢᠬ᠎ᠠ ᠡᠳ᠋ᠰᠢᠭᠦᠯᠬᠦ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠨ᠂ ᠠᠤᠬᠠᠨ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠬᠦᠨ ᠢ | ᠡᠳ᠋ᠰᠢᠭᠦᠯᠵᠦ ᠪᠠᠶᠢᠭᠰᠠᠨ ᠠᠴᠠ ᠢᠳᠡᠭᠡᠨ ᠤ ᠵᠦᠢᠯ ᠢ ᠡᠳ᠋ᠰᠢᠭᠦᠯᠬᠦ ᠳᠠᠰᠢ ᠬᠤᠪᠢᠷᠠᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | | |